ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠣᠭᠲᠠᠬᠤ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠲᠠᠪᠢᠨ ᠭᠡᠷ ᠪᠠᠯᠭᠠᠰᠤᠨ ᠳᠤ ᠬᠦᠷᠴᠡᠢ
ᠨᠡᠶᠢᠲᠡᠯᠡᠭᠰᠡᠨ ᠴᠠᠭ᠄
2023/9/1
      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 31 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠣᠭᠲᠠᠬᠤ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠲᠠᠪᠢᠨ ᠭᠡᠷ ᠪᠠᠯᠭᠠᠰᠤᠨ ᠳᠤ ᠬᠦᠷᠴᠦ ᠤᠬᠠᠭᠤᠯᠤᠨ ᠲᠠᠶᠢᠯᠪᠤᠷᠢᠯᠠᠪᠠ᠃      ᠬᠤᠷᠠᠯ ᠳᠡᠭᠡᠷ᠎ᠡ᠂ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠰᠢᠦᠢ ᡁᠢ ᠭᠠᠩ ︽ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠭᠤᠣᠯ ᠰᠡᠳᠦᠪ ᠢᠶᠠᠷ᠂ ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠲᠠᠢ ᠨᠢᠭᠲᠠ ᠤᠶᠠᠯᠳᠤᠭᠤᠯᠤᠨ᠂ ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠶᠢ ᠭᠦᠨᠵᠡᠭᠡᠢ ᠣᠶᠢᠯᠠᠭᠠᠬᠤ︾᠂ ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ︾᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠬᠤ︾ ᠭᠤᠷᠪᠠᠨ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ᠂ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠵᠡᠢ᠃      ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠰᠠᠨᠠᠯ ᠨᠢᠭᠡᠲᠡᠢ ᠢᠯᠡᠷᠬᠡᠶᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠯ ᠪᠣᠯᠣᠨ ᠬᠦᠰᠡᠯ ᠨᠠᠶᠢᠳᠠᠯᠭ᠎ᠠ ᠶᠢ ᠠᠵᠢᠯ ᠶᠠᠪᠤᠳᠠᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠤᠭᠳᠠᠬᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠲᠤᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ ᠭᠡᠵᠡᠢ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1