39 ᠳ᠋ᠤᠭᠡᠷ ᠪᠠᠭᠰᠢ ᠶᠢᠨ ᠪᠠᠶᠠᠷ ᠢ ᠬᠠᠯᠠᠭᠤᠨ ᠢᠶᠠᠷ ᠪᠡᠯᠭᠡᠯᠡᠵᠦ᠂ ᠰᠤᠷᠭᠠᠨ ᠬᠥᠮᠦᠵᠢᠯ ᠤᠨ ᠦᠢᠯᠡᠰ ᠲᠤ | ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠳ ᠢ ᠬᠥᠬᠢᠭᠦᠯᠦᠨ | ᠰᠠᠶᠢᠰᠢᠶᠠᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠶᠡᠭᠡ ᠪᠠᠷ ᠪᠣᠶ ᠪᠣᠯᠭᠠᠵᠤ᠂ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠤᠨ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠦᠢᠯᠡᠳᠦᠯᠭᠡ ᠳᠤ ᠢᠳᠡᠪᠬᠢᠲᠡᠢ ᠣᠷᠣᠯᠴᠠᠬᠤ ᠶᠢ | ᠵᠣᠷᠢᠭᠵᠢᠭᠤᠯᠬᠤ ᠶᠢᠨ ᠲᠥᠯᠥᠭᠡ᠂ 9 ᠳ᠋ᠤᠭᠡᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠮᠠᠨ ᠤ ᠰᠢᠶᠠᠨ | ᠶᠦᠨ ᠵᠥᠩ ᠰᠣᠶᠣᠯ ᠤᠨ ᠣᠷᠳᠣᠨ ᠳᠤ 39 ᠳ᠋ᠤᠭᠡᠷ ᠪᠠᠭᠰᠢ ᠶᠢᠨ ᠪᠠᠶᠠᠷ ᠤᠨ ᠱᠠᠩᠨᠠᠯ ᠣᠯᠭᠤᠬᠤ ᠶᠣᠰᠣᠯᠠᠯ | ᠶᠠᠪᠤᠭᠤᠯᠪᠠ᠃ | ᠰᠢᠶᠠᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠸᠠᠩ ᠮᠢᠩ ᠨᠠᠷ ᠱᠠᠩᠨᠠᠯ ᠣᠯᠭᠤᠬᠤ ᠶᠣᠰᠣᠯᠠᠯ ᠳᠤ | ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠲᠦᠮᠡᠨ ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠡᠮᠦᠨ᠎ᠡ ᠠᠴᠠ ᠣᠷᠳᠣ ᠬᠤᠭᠤᠴᠠᠭᠠᠨ ᠤ ᠲᠤᠷᠰᠢ | ᠰᠢᠷᠭᠠᠭᠤ ᠬᠠᠲᠠᠭᠤᠵᠢᠯᠲᠠᠢ ᠠᠵᠢᠯᠯᠠᠵᠤ᠂ ᠰᠤᠷᠭᠠᠨ ᠬᠥᠮᠦᠵᠢᠯ ᠤᠨ ᠹᠷᠣᠨᠲ ᠲᠤ ᠭᠤᠶᠠᠴᠢ ᠦᠭᠡᠢ ᠵᠢᠳᠬᠦᠭᠰᠡᠨ | ᠥᠷᠭᠡᠨ ᠣᠯᠠᠨ ᠪᠠᠭᠰᠢ᠂ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ | ᠳᠡᠪᠰᠢᠭᠦᠯᠪᠡ︕ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠥᠨ ᠳᠤ ᠬᠠᠯᠠᠭᠤᠨ ᠪᠠᠶᠠᠷ | ᠬᠦᠷᠭᠡᠶ᠎ᠡ︕ | ᠨᠢᠭᠡ ᠵᠢᠯ ᠤᠨ ᠲᠤᠷᠰᠢ᠂ ᠮᠠᠨ ᠤ ᠰᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ | ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ | ᠬᠥᠮᠥᠵᠢᠭᠦᠯᠬᠦ ᠡᠭᠦᠷᠭᠡ ᠬᠠᠷᠢᠭᠤᠴᠠᠯᠭ᠎ᠠ ᠶᠢ ᠪᠠᠷᠢᠮᠲᠠᠯᠠᠵᠤ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ | ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠤᠷᠢᠨ ᠬᠡᠷᠡᠭᠯᠡᠬᠦ | ᠬᠥᠮᠥᠰ ᠤᠨ ᠬᠥᠯᠥᠰᠦ ᠣᠯᠭᠤᠮᠵᠢ ᠶᠢ ᠳᠡᠭᠡᠭᠰᠢᠯᠡᠭᠦᠯᠵᠦ᠂ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ᠂ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ ᠥᠨᠳᠥᠷ | ᠳᠤᠮᠳᠠᠳᠤ ᠶᠢᠨ ᠰᠢᠯᠭᠠᠯᠲᠠ ᠶᠢᠨ ᠬᠡᠰᠡᠭ ᠬᠤᠪᠢᠶᠠᠭᠰᠠᠨ ᠬᠥᠮᠥᠨ ᠤ ᠲᠤᠭ᠎ᠠ᠂ ᠬᠥᠮᠥᠷᠭᠡ ᠠᠴᠠ ᠭᠠᠷᠭᠠᠬᠤ | ᠨᠣᠷᠮ᠎ᠠ ᠶᠢ ᠦᠷᠭᠦᠯᠵᠢᠯᠡᠨ ᠨᠡᠮᠡᠭᠳᠡᠭᠦᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ | ᠠᠩᠭᠢ ᠶᠢᠨ ᠨᠣᠷᠮ᠎ᠠ ᠶᠢ ᠦᠷᠭᠦᠯᠵᠢᠯᠡᠨ ᠪᠥᠬᠦ ᠬᠤᠲᠠ ᠶᠢᠨ ᠲᠠᠷᠢᠶᠠᠯᠠᠩ ᠤᠨ ᠬᠤᠰᠢᠭᠤ ᠰᠢᠶᠠᠨ ᠤ ᠲᠡᠷᠢᠭᠦᠨ ᠳᠤ | ᠣᠷᠣᠭᠤᠯᠵᠤ᠂ ᠠᠵᠢᠯ ᠤᠨ ᠳᠤᠮᠳᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠤᠷᠭᠠᠭᠤᠯᠢ ᠳᠡᠪᠰᠢᠬᠦ | ᠰᠢᠯᠭᠠᠯᠲᠠ ᠶᠢᠨ ᠵᠢᠩᠬᠢᠨᠢ ᠠᠩᠭᠢ ᠶᠢᠨ ᠬᠥᠮᠥᠨ ᠤ ᠲᠤᠭ᠎ᠠ ᠶᠢ ᠪᠥᠬᠦ ᠬᠤᠲᠠ ᠳᠤ ᠨᠢᠭᠡᠳᠦᠭᠡᠷ ᠲᠤ ᠣᠷᠣᠭᠤᠯᠵᠤ᠂ | ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠷᠠᠳ | ᠣᠯᠠᠨ ᠤ ᠰᠤᠷᠭᠠᠨ ᠬᠥᠮᠦᠵᠢᠯ ᠤᠨ ᠠᠵᠢᠯ ᠳᠤ ᠬᠠᠨᠤᠮᠵᠢᠲᠠᠶ ᠪᠠᠶᠢᠬᠤ ᠢ ᠲᠠᠰᠤᠷᠠᠯᠳᠠ ᠦᠭᠡᠢ ᠲᠡᠭᠡᠭᠰᠢᠯᠡᠭᠦᠯᠢᠨᠡ | ᠭᠡᠵᠡᠢ᠃ | ᠶᠡᠭᠡ ᠬᠤᠷᠠᠯ ᠠᠴᠠ ᠸᠠᠩ ᠯᠦᠩ ᠵᠡᠷᠭᠡ 23 ᠨᠥᠬᠦᠳ ᠲᠤ ︽ᠰᠢᠯᠢᠳᠡᠭ ᠠᠩᠭᠢ ᠶᠢᠨ ᠡᠷᠬᠢᠯᠡᠭᠴᠢ︾ ᠶᠢᠨ | ᠴᠣᠯᠠ︔ ᠴᠦᠨ ᠶᠠᠨ ᠵᠡᠷᠭᠡ 22 ᠨᠥᠬᠦᠳ ᠤᠨ ︽ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ︾ ᠤ ᠴᠣᠯᠠ︔ | ᠦ᠋ ᠭᠤᠤ ᠹᠧᠢ ᠵᠡᠷᠭᠡ 23 ᠨᠥᠬᠦᠳ ︽ᠰᠢᠯᠢᠳᠡᠭ ᠶᠣᠰᠣ ᠰᠤᠷᠲᠠᠬᠤᠨ ᠤ ᠬᠥᠮᠦᠵᠢᠯ ᠤᠨ ᠠᠵᠢᠯᠲᠠᠨ︾ ᠤ | ᠴᠣᠯᠠ ᠲᠠᠢ︔ ᠱᠧᠨ ᠳ᠋ᠠᠨ ᠳ᠋ᠠᠨ ᠵᠡᠷᠭᠡ 22 ᠨᠥᠬᠦᠷ ᠤᠨ ︽ᠰᠢᠯᠢᠳᠡᠭ ᠪᠠᠭᠰᠢ︾ ᠶᠢᠨ ᠴᠣᠯᠠ︔ ᠶᠠᠩ ᠴᠦᠨ | ᠰᠢᠶᠠ ᠵᠡᠷᠭᠡ 5 ᠨᠥᠬᠦᠳ ᠤᠨ ︽ᠦᠵᠡᠯ ᠰᠠᠨᠠᠭ᠎ᠠ ᠤᠯᠤᠰ ᠲᠥᠷᠥ ᠶᠢᠨ ᠰᠢᠯᠢᠳᠡᠭ ᠪᠠᠭᠰᠢ︾ ᠶᠢᠨ ᠴᠣᠯᠠ︔ | ᠳ᠋ᠢᠩ ᠪᠠᠭᠠᠲᠤᠷ ᠵᠡᠷᠭᠡ 20 ᠨᠥᠬᠦᠳ ᠤᠨ ︽ᠰᠢᠯᠢᠳᠡᠭ ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾ ᠶᠢᠨ | ᠴᠣᠯᠠ︔ ᠭᠦᠸᠧ ᠸᠧᠨ ᠪᠥᠸᠧ ᠵᠡᠷᠭᠡ 5 ᠨᠥᠬᠦᠳ ᠤᠨ ︽ᠬᠠᠤᠯᠢ ᠳᠦᠷᠢᠮ ᠤᠨ ᠰᠢᠯᠢᠳᠡᠭ ᠳᠡᠳ᠋ ᠵᠠᠬᠢᠷᠤᠯ︾ | ᠤᠨ ᠴᠣᠯᠠ ᠣᠯᠭᠤᠵᠠᠢ᠃ | ᠱᠠᠩᠨᠠᠯ ᠣᠯᠭᠤᠬᠤ ᠶᠣᠰᠣᠯᠠᠯ ᠳᠡᠭᠡᠷ᠎ᠡ᠂ ᠰᠢᠯᠢᠳᠡᠭ ᠪᠠᠭᠰᠢ ᠶᠢᠨ ᠲᠥᠯᠥᠭᠡᠯᠡᠭᠴᠢ ᠸᠠᠩ ᠯᠦᠩ | ᠲᠥᠷᠥᠭᠳᠡᠯ ᠢᠶᠠᠨ ᠢᠯᠡᠳᠬᠡᠵᠦ᠂ ᠲᠡᠭᠦᠨ ᠤ ᠰᠤᠷᠭᠠᠨ ᠬᠥᠮᠦᠵᠢᠯ ᠤᠨ ᠦᠵᠡᠯᠲᠡ ᠪᠣᠯᠣᠨ ᠵᠢᠭᠠᠨ ᠰᠤᠷᠭᠠᠯᠲᠠ ᠶᠢᠨ | ᠲᠤᠷᠰᠢᠯᠭ᠎ᠠ ᠶᠢ ᠬᠤᠪᠢᠶᠠᠯᠴᠠᠵᠤ᠂ ᠪᠦᠬᠦ ᠪᠠᠭᠰᠢ ᠨᠠᠷ ᠲᠥᠪ ᠴᠢᠩᠭ᠎ᠠ ᠪᠠᠷ ᠲᠠᠩᠭᠠᠷᠢᠭᠯᠠᠵᠤ᠂ ᠡᠯ᠎ᠡ | ᠰᠤᠷᠭᠠᠭᠤᠯᠢ ᠠᠴᠠ ᠢᠷᠡᠭᠰᠡᠨ ᠰᠤᠷᠭᠠᠨ ᠬᠥᠮᠦᠵᠢᠯ ᠤᠨ ᠠᠵᠢᠯᠲᠠᠳ ︽ᠴᠢᠩ ᠰᠡᠳᠬᠢᠯ ᠤᠨ ᠬᠥᠮᠦᠵᠢᠯ ᠤᠨ ᠬᠠᠶᠢᠷ᠎ᠠ | ᠰᠡᠳᠬᠢᠯᠭᠡ︾᠂ ᠪᠥᠵᠢᠭ ︽ᠬᠠᠶᠢᠷ᠎ᠠ ᠰᠡᠳᠬᠢᠯᠭᠡ︾᠂ ᠶᠡᠭᠡ ᠨᠠᠶᠢᠷᠠᠯ ᠳᠠᠭᠤᠤ ︽ᠰᠠᠶᠢᠨ ᠬᠥᠮᠥᠨ ᠰᠠᠶᠢᠨ ᠵᠡᠭᠦᠳᠦ︾ | ᠂ ︽ᠡᠬᠡ ᠤᠯᠤᠰ ᠮᠢᠨᠤ ᠰᠡᠳᠬᠢᠯ ᠤᠨ ᠡᠭᠦᠷ ᠲᠤ︾᠂ ᠳᠠᠭᠤᠤ ︽ᠬᠦᠰᠡᠯ ᠡᠷᠡᠮᠡᠯᠵᠡᠯ︾ ᠵᠡᠷᠭᠡ ᠭᠤᠶᠢᠳᠠ | ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠲᠣᠭᠯᠠᠵᠤ᠂ ᠰᠤᠷᠭᠠᠨ ᠬᠥᠮᠦᠵᠢᠯ ᠤᠨ ᠦᠢᠯᠡᠰ ᠲᠤ ᠬᠠᠶᠢᠷᠠᠲᠠᠢ | ᠪᠠᠶᠢᠬᠤ ᠪᠠ ᠪᠠᠭᠰᠢ ᠶᠢᠨ ᠡᠷᠬᠢᠮ ᠳᠡᠭᠡᠳᠦ ᠠᠵᠢᠯ ᠮᠡᠷᠭᠡᠵᠢᠯ ᠢ ᠮᠠᠭᠲᠠᠨ ᠰᠠᠶᠢᠰᠢᠶᠠᠵᠤ ᠪᠠᠶᠢᠬᠤ ᠰᠡᠳᠬᠢᠯᠭᠡ ᠪᠠᠨ | ᠢᠯᠡᠳᠬᠡᠵᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |