ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ︽ᠠᠵᠢᠯ ᠣᠯᠭᠤᠯᠲᠠ ᠬᠤᠨᠳᠠᠭᠠᠲᠤ︾ ᠪᠡᠶ᠎ᠡ ᠶᠢᠨ ᠲᠠᠮᠢᠷ ᠤᠨ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2023/9/11
      ᠵᠡᠮᠳᠡᠭᠴᠦᠳ ᠤᠨ ᠠᠵᠢᠯ ᠪᠣᠯ ᠡᠷᠬᠢᠮ ᠳᠡᠭᠡᠳᠦ ᠢᠷᠠᠭᠤ ᠠᠯᠳᠠᠷᠲᠤ ᠦᠢᠯᠡᠰ ᠮᠥᠨ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠵᠡᠮᠳᠡᠭᠴᠦᠳ ᠤᠨ ᠦᠢᠯᠡᠰ ᠢ ᠬᠥᠭᠵᠢᠭᠦᠯᠬᠦ ᠴᠢᠬᠤᠯᠠ ᠠᠵᠢᠯᠯᠠᠭ᠎ᠠ ᠮᠥᠨ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠡᠮᠳᠡᠭᠴᠦᠳ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠪᠠᠶᠠᠯᠢᠭᠵᠢᠭᠤᠯᠬᠤ ᠪᠣᠯ ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠡᠭᠦᠷᠭᠡ ᠬᠠᠷᠢᠭᠤᠴᠠᠯᠭ᠎ᠠ ᠮᠥᠨ᠃
     9 ᠳ᠋ᠤᠭᠡᠷ ᠰᠠᠷ᠎ᠠ ᠶᠢᠨ 8  ᠤ ᠡᠳᠦᠷ᠂ ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ᠰᠢᠶᠠᠨ ᠤ ᠠᠵᠢᠯᠴᠢᠨ ᠤ ᠡᠪᠯᠡᠯ ᠤᠨ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠤᠨ ᠭᠤᠷᠪᠠᠳᠤᠭᠠᠷ ᠳᠠᠪᠬᠤᠷᠯᠢᠭ ᠲᠤ ︽ᠠᠵᠢᠯ ᠣᠯᠭᠤᠯᠲᠠ ᠬᠤᠨᠳᠠᠭᠠᠲᠤ︾ ᠪᠡᠶ᠎ᠡ ᠶᠢᠨ ᠲᠠᠮᠢᠷ ᠤᠨ ᠴᠤᠭᠯᠠᠭᠠᠨ ᠶᠠᠪᠤᠭᠳᠠᠪᠠ᠃ ᠲᠣᠰ ᠤᠳᠠᠭᠠᠨ ᠤ ᠲᠠᠮᠢᠷ ᠤᠨ ᠴᠤᠭᠯᠠᠭᠠᠨ ᠢ ᠫᠢᠩᠫᠠᠩ ᠪᠥᠮᠪᠦᠭᠡ᠂ ᠥᠳᠥᠨ ᠪᠥᠮᠪᠦᠭᠡ᠂ ᠰᠢᠲᠠᠷ᠎ᠠ᠂ ᠪᠥᠮᠪᠦᠭᠡ ᠲᠤᠯᠬᠤ ᠵᠡᠷᠭᠡ ᠳᠥᠷᠪᠡᠨ ᠵᠦᠢᠯ ᠳᠤ ᠬᠤᠪᠢᠶᠠᠵᠤ᠂ ᠵᠡᠮᠳᠡᠭ ᠨᠠᠶᠢᠵᠠ ᠨᠠᠷ ᠲᠤ ᠠᠪᠴᠤ ᠬᠡᠯᠡᠪᠡᠯ ᠮᠠᠰᠢ ᠵᠦᠭᠡᠷ ᠤᠷᠤᠯᠳᠤᠭᠠᠨ ᠤ ᠵᠦᠢᠯ ᠪᠣᠯᠣᠨ᠎ᠠ᠂ ᠡᠨᠡ ᠨᠢ ᠤᠷ᠎ᠠ ᠮᠡᠷᠭᠡᠵᠢᠯ ᠢᠶᠠᠨ ᠰᠣᠯᠢᠯᠴᠠᠬᠤ ᠪᠠᠷ ᠪᠠᠷᠠᠬᠤ ᠦᠭᠡᠢ ᠪᠠᠰᠠ ᠨᠥᠬᠦᠷᠯᠡᠯ ᠢᠶᠠᠨ ᠵᠤᠵᠠᠭᠠᠳᠬᠠᠵᠤ ᠴᠢᠳᠠᠨ᠎ᠠ᠃      ᠵᠡᠮᠳᠡᠭᠴᠦᠳ ᠪᠣᠯ ᠨᠢᠭᠡᠨ ᠣᠨᠴᠠᠭᠠᠶ ᠬᠠᠮᠲᠤᠯᠢᠭ ᠮᠥᠨ᠂ ᠲᠡᠳᠡᠨ ᠳᠤ ᠪᠠᠰᠠ ᠥᠪᠡᠷ ᠤᠨ ᠴᠤᠭ ᠵᠢᠪᠬᠤᠭ᠎ᠠ ᠪᠠᠨ ᠭᠠᠶᠢᠬᠠᠭᠤᠯᠬᠤ ᠲᠠᠪᠴᠠᠩ ᠬᠡᠷᠡᠭᠲᠡᠢ᠂ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠭᠰᠡᠨ ᠨᠢ ᠶᠠᠭ ᠲᠡᠳᠡᠨ ᠳᠤ ᠡᠶᠢᠮᠦ ᠲᠠᠪᠴᠠᠩ ᠪᠠᠶᠢᠭᠤᠯᠤᠨ ᠥᠭᠴᠦ᠂ ᠤᠷᠤᠯᠳᠤᠭᠠᠨ ᠢᠶᠠᠷ ᠳᠡᠮᠵᠢᠨ ᠵᠡᠮᠳᠡᠭᠴᠦᠳ ᠤᠨ ᠵᠣᠷᠢᠭᠲᠠᠢ ᠪᠠᠷ ᠡᠷᠡᠯᠬᠡᠭᠯᠡᠨ ᠲᠡᠮᠡᠴᠡᠵᠦ᠂ ᠢᠳᠡᠪᠬᠢᠲᠡᠢ ᠪᠠᠷ ᠥᠭᠡᠳᠡᠯᠡᠨ ᠳᠠᠪᠰᠢᠬᠤ ᠠᠮᠢᠳᠤᠷᠠᠯ ᠤᠨ ᠣᠪᠣᠷ ᠢ ᠨᠡᠶᠢᠭᠡᠮ ᠨᠡᠶᠢᠲᠡ ᠳᠤ ᠢᠯᠡᠷᠡᠭᠦᠯᠦᠭᠰᠡᠨ ᠪᠠᠶᠢᠨ᠎ᠠ᠃ ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠲᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠲᠡᠳᠡᠨ ᠳᠤ ᠲᠣᠬᠢᠷᠠᠬᠤ ᠰᠣᠶᠣᠯ ᠪᠡᠶ᠎ᠡ ᠶᠢᠨ ᠲᠠᠮᠢᠷ ᠤᠨ ᠲᠦᠷᠦᠯ ᠵᠦᠢᠯ ᠢ ᠦᠷᠭᠦᠯᠵᠢᠯᠡᠨ ᠪᠠᠶᠢᠭᠤᠯᠵᠤ᠂ ᠨᠡᠶᠢᠭᠡᠮ ᠤᠨ ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ᠂ ᠴᠢᠳᠠᠯ ᠤᠨ ᠬᠢᠷᠢ ᠪᠠᠷ ᠢᠶᠠᠨ ᠲᠡᠳᠡᠨ ᠢ ᠬᠠᠪᠰᠤᠷᠤᠨ ᠨᠡᠶᠢᠭᠡᠮ ᠳᠤ ᠠᠭᠤᠰᠤᠯᠴᠠᠭᠤᠯᠵᠤ᠂ ᠡᠭᠡᠯ ᠵᠢᠷ ᠤᠨ ᠬᠥᠮᠥᠰ ᠲᠠᠢ ᠠᠳᠠᠯᠢ ᠪᠠᠷ ᠨᠡᠶᠢᠭᠡᠮ ᠤᠨ ᠪᠣᠯᠪᠠᠰᠤᠨ ᠲᠠᠪᠰᠢᠯᠳᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠦᠨ᠎ᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1