ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠬᠤ ᠤᠬᠠᠭᠤᠯᠤᠨ ᠰᠡᠷᠭᠡᠶᠢᠯᠡᠬᠦ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/11
      ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠣᠨ ᠤ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠬᠤ ᠤᠬᠠᠭᠤᠯᠬᠤ ᠰᠡᠷᠭᠡᠶᠢᠯᠡᠬᠦ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ 9 ᠳ᠋ᠤᠭᠡᠷ ᠰᠠᠷ᠎ᠠ ᠶᠢᠨ 8 ᠤ ᠡᠳᠦᠷ ᠤᠨ 20 ᠴᠠᠭ ᠲᠤ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠵᠣᠨ ᠤ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠬᠤ ᠤᠬᠠᠭᠤᠯᠬᠤ ᠰᠡᠷᠭᠡᠶᠢᠯᠡᠬᠦ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠴᠣᠬᠢᠯᠲᠠ ᠥᠭᠴᠦ ᠴᠡᠭᠴᠡᠯᠡᠨ ᠵᠠᠰᠠᠬᠤ᠂ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ᠂ ᠲᠥᠪᠯᠡᠷᠡᠭᠦᠯᠦᠨ ᠤᠬᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠪᠠ᠃
     ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠪᠠᠶᠢᠷᠢᠯᠠᠭᠤᠯᠪᠠ᠃ ᠠᠵᠢᠯᠯᠠᠭ᠎ᠠ ᠠᠴᠠ ᠡᠮᠦᠨ᠎ᠡ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠵᠤᠨ ᠤ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠬᠤ ᠤᠬᠠᠭᠤᠯᠤᠨ ᠰᠡᠷᠭᠡᠶᠢᠯᠡᠬᠦ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠬᠠᠷᠠᠯᠲᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠠᠲᠤᠳᠬᠠᠵᠤ᠂ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠶᠢᠨ ᠥᠷᠨᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠡᠯ᠎ᠡ ᠰᠠᠯᠠᠭ᠎ᠠ ᠮᠥᠴᠢᠷ ᠤᠨ ᠬᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠵᠦ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ︽ᠠᠮᠤᠷ ᠲᠦᠪᠰᠢᠨ ᠲᠣᠭᠲᠠᠬᠤ  ︾ ᠶᠢ ᠪᠢᠴᠢᠭᠯᠡᠨ᠎ᠡ᠃
     ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠪᠦᠬᠦ ᠲᠠᠯ᠎ᠠ ᠪᠠᠷ ᠳᠡᠰ ᠳᠠᠪᠰᠢᠵᠤ᠂ ᠬᠤᠲᠠ ᠶᠢᠨ ︽ᠠᠮᠤᠷ ᠲᠦᠪᠰᠢᠨ ᠤ ᠬᠠᠷᠠᠭᠤᠯ︾ ᠢ ᠬᠠᠩᠭᠢᠨᠠᠭᠤᠯᠪᠠ᠃ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠰᠠᠯᠠᠭ᠎ᠠ ᠮᠥᠴᠢᠷ ᠤᠨ ᠬᠢᠨ ᠨᠡᠶᠢᠭᠡᠮ ᠤᠨ ᠲᠣᠭᠤᠷᠢᠨ ᠰᠡᠷᠭᠡᠶᠢᠯᠡᠬᠦ ᠳᠡᠭᠡᠳᠦ ᠳᠡᠰ ᠤᠨ ᠦᠢᠯᠡᠴᠢᠯᠡᠭᠡᠨ ᠤ ᠲᠣᠭᠲᠠᠴᠠ ᠪᠠ ︽1᠂ 3᠂ 5 ᠮᠢᠨᠦ᠋ᠲ︾ ᠤᠨ ᠲᠦᠷᠭᠡᠨ ᠳᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠡᠭᠡᠯᠢ ᠭᠤᠳᠤᠮᠵᠢᠨ ᠳᠤ ᠴᠠᠭᠳᠠᠭ᠎ᠠ ᠨᠠᠷ ᠢᠯᠡᠷᠬᠡᠢ ᠴᠠᠭᠳᠠᠭ᠎ᠠ ᠶᠢ ᠬᠡᠷᠡᠭᠯᠡᠨ᠎ᠡ᠂ ᠬᠥᠳᠡᠯᠦᠩᠭᠦᠢ ᠪᠠᠷ ᠲᠣᠭᠤᠷᠢᠨ ᠴᠠᠭᠳᠠᠬᠤ᠂ ᠣᠷᠣᠨ ᠪᠦᠰᠡ ᠪᠠᠷ ᠵᠢᠵᠢᠭᠦᠷᠯᠡᠬᠦ᠂ ᠬᠠᠮᠲᠤᠷᠠᠨ ᠵᠢᠵᠢᠭᠦᠷᠯᠡᠵᠦ ᠬᠠᠮᠲᠤᠷᠠᠨ ᠰᠡᠷᠭᠡᠶᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠢᠶᠠᠨ ᠤ ᠬᠤᠲᠠ ᠶᠢᠨ ᠵᠡᠭᠡᠯᠢ ᠭᠤᠳᠤᠮᠵᠢ ᠶᠢᠨ ᠲᠥᠪ ᠲᠠᠯᠠᠪᠠᠶ ᠳᠤ᠂ ᠬᠤᠳᠠᠯᠳᠤᠭᠠᠨ ᠤ ᠲᠣᠭᠤᠷᠢᠭ᠂ ᠰᠥᠨᠢ ᠶᠢᠨ ᠵᠠᠬ᠎ᠠ ᠵᠡᠷᠭᠡ ᠰᠥᠨᠢ ᠶᠢᠨ ᠬᠥᠮᠥᠨ ᠣᠯᠠᠨ ᠴᠤᠭᠯᠠᠷᠠᠳᠠᠭ ᠲᠠᠯᠠᠪᠤᠷ ᠲᠤ ᠲᠠᠰᠤᠷᠠᠯᠲᠠ ᠦᠭᠡᠢ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠭᠤᠣᠯᠳᠠᠯᠭ᠎ᠠ ᠲᠠᠢ ᠵᠠᠮ ᠤᠨ ᠬᠡᠰᠡᠭ᠂ ᠭᠤᠣᠯᠳᠠᠯᠭ᠎ᠠ ᠲᠠᠢ ᠣᠷᠣᠨ ᠪᠦᠰᠡ ᠳᠤ ᠵᠣᠨ ᠤ ᠰᠥᠨᠢ ᠶᠢᠨ ᠨᠡᠶᠢᠭᠡᠮ ᠤᠨ ᠠᠮᠤᠷ ᠲᠦᠪᠰᠢᠨ ᠡᠮᠬᠢ ᠳᠢᠭᠯᠢᠮ ᠤᠨ ᠠᠮᠤᠷ ᠲᠣᠭᠲᠠᠭᠤᠨ ᠪᠠᠶᠢᠳᠠᠯ ᠢ ᠰᠠᠬᠢᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠣᠶ ᠪᠤᠯᠭᠠᠪᠠ᠃
     ᠠᠮᠤᠷ ᠲᠦᠪᠰᠢᠨ ᠤ ᠪᠠᠶᠢᠴᠠᠭᠠᠯᠲᠠ ᠳᠤ ᠥᠨᠴᠥᠭ ᠪᠤᠯᠤᠩ ᠦᠯᠡᠳᠡᠭᠡᠬᠦ ᠦᠭᠡᠢ ᠪᠠᠶᠢᠵᠤ᠂ ᠬᠤᠲᠠ ᠶᠢᠨ ︽ᠠᠮᠤᠷ ᠲᠦᠪᠰᠢᠨ ᠤ ᠨᠡᠭᠡᠯᠡᠭᠡᠢ︾ ᠶᠢ ᠴᠢᠩᠭ᠎ᠠ ᠮᠤᠰᠬᠢᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠪᠥᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠤᠭᠤᠳ ᠬᠡᠷᠡᠭ ᠶᠠᠪᠤᠳᠠᠯ ᠠᠮᠠᠷᠬᠠᠨ ᠡᠭᠦᠰᠳᠡᠭ ᠭᠠᠵᠠᠷ ᠪᠠ ᠭᠤᠣᠯᠳᠠᠯᠭ᠎ᠠ ᠲᠠᠢ ᠲᠠᠯᠠᠪᠤᠷ ᠤᠨ ᠲᠣᠭᠤᠷᠢᠨ ᠳᠤ᠂ ︽ᠭᠠᠪᠰᠢᠭᠠᠶᠢᠯᠠᠬᠤ ᠮᠠᠶ᠋ᠢᠭ︾ ︽ᠦᠷᠭᠦᠯᠵᠢᠯᠡᠭᠰᠡᠨ ᠮᠠᠶ᠋ᠢᠭ︾ ᠢ ᠲᠥᠪᠯᠡᠷᠡᠭᠦᠯᠦᠨ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠤᠯᠢ ᠶᠢ ᠵᠥᠷᠢᠴᠡᠨ ᠶᠠᠯ᠎ᠠ ᠬᠢᠭᠰᠡᠳ ᠲᠤ ᠴᠢᠩᠭ᠎ᠠ ᠴᠣᠬᠢᠯᠲᠠ ᠥᠭᠴᠦ᠂ ᠬᠠᠤᠯᠢ ᠲᠣᠭᠲᠠᠭᠠᠯ ᠢ ᠵᠥᠷᠢᠴᠡᠨ ᠠᠵᠢᠯ ᠲᠥᠷᠥᠯ ᠤᠨ ᠡᠵᠡᠩᠨᠡᠯᠲᠡ ᠶᠢᠨ ᠲᠠᠯᠠᠪᠤᠷ ᠭᠠᠵᠠᠷ ᠢ ᠴᠢᠩᠭ᠎ᠠ ᠪᠠᠶᠢᠴᠠᠭᠠᠵᠤ᠂ ᠠᠮᠤᠷ ᠲᠦᠪᠰᠢᠨ ᠤ ᠥᠯᠥ ᠣᠨᠣᠭᠳᠠᠬᠤ ᠭᠠᠵᠠᠷ ᠤᠨ ᠪᠠᠯᠠᠢ ᠭᠠᠵᠠᠷ ᠢ ᠴᠡᠪᠡᠷᠯᠡᠨ ᠠᠷᠢᠯᠭᠠᠵᠤ᠂ ᠬᠠᠤᠯᠢ ᠶᠢ ᠵᠥᠷᠢᠴᠡᠨ ᠶᠠᠯ᠎ᠠ ᠬᠢᠬᠦ ᠣᠷᠣᠨ ᠵᠠᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃
     ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠳᠤ ᠥᠴᠥᠬᠡᠨ ᠴᠦ ᠢᠯᠳᠠᠷ ᠬᠠᠶᠠᠬᠤ ᠦᠭᠡᠢ ᠪᠠᠷ ᠠᠮᠤᠷ ᠲᠦᠪᠰᠢᠨ ᠤ ︽ᠬᠠᠮᠠᠭᠠᠯᠠᠯᠲᠠ ᠶᠢᠨ ᠰᠢᠬᠦᠷ︾ ᠢ ᠪᠣᠰᠬᠠᠪᠠ᠃ ᠬᠦᠴᠦᠲᠡᠢ ᠴᠣᠬᠢᠯᠲᠠ ᠥᠭᠬᠦ ᠶᠢ ᠪᠠᠷᠢᠮᠲᠠᠯᠠᠨ᠂ ᠰᠢᠷᠦᠭᠦᠨ ᠴᠣᠬᠢᠯᠲᠠ ᠥᠭᠬᠦ ᠳᠠᠭᠠᠷᠢᠯᠲᠠ ᠶᠢ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠡᠲᠡᠭᠡᠳ᠂ ᠱᠠᠯᠢᠭ ᠵᠠᠪᠬᠠᠢ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ᠂ ᠫᠤᠤ ᠵᠡᠪᠰᠡᠭ᠂ ᠬᠤᠯᠠᠭᠠᠶᠢᠯᠠᠬᠤ ᠤᠯᠠᠮᠵᠢᠯᠠᠬᠤ ᠮᠡᠬᠡᠯᠡᠬᠦ ᠵᠡᠷᠭᠡ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠲᠣᠪᠣᠶᠢᠮ᠎ᠠ ᠶᠠᠯᠠᠲᠤ ᠠᠵᠢᠯᠯᠠᠭ᠎ᠠ ᠪᠠ ᠠᠷᠠᠳ ᠤᠯᠠᠨ ᠤ ᠲᠤᠰᠬᠠᠯ ᠶᠡᠬᠡᠲᠡᠢ ᠠᠷᠠᠳ ᠤᠨ ᠠᠮᠢᠳᠤᠷᠠᠯ ᠤᠨ ᠵᠢᠵᠢᠭ ᠬᠡᠷᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠬᠡᠷᠡᠭ ᠢ ᠢᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠵᠦ᠂ ᠴᠣᠬᠢᠯᠲᠠ ᠥᠭᠬᠦ ᠪᠠᠷ ᠰᠡᠷᠭᠡᠶᠢᠯᠡᠯᠲᠡ ᠶᠢ ᠠᠬᠢᠭᠤᠯᠵᠤ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠬᠠᠷᠢᠭᠤᠯᠲᠠ ᠥᠭᠪᠡ᠃
      ᠰᠢᠨ᠎ᠡ ᠶᠢᠩᠽᠢ ᠶᠢᠨ ᠲᠣᠮᠢᠯᠠᠭᠰᠠᠨ ᠰᠠᠯᠪᠤᠷᠢ᠂ ᠲᠠᠪᠢᠨ ᠭᠡᠷ ᠲᠣᠮᠢᠯᠠᠭᠰᠠᠨ ᠰᠠᠯᠪᠤᠷᠢ ᠬᠠᠮᠲᠤᠷᠠᠭᠰᠠᠨ ᠠᠵᠢᠯᠯᠠᠭ᠎ᠠ ᠥᠷᠨᠢᠭᠦᠯᠵᠦ᠂ ᠵᠣᠭᠤᠰ ᠨᠠᠭᠠᠳᠤᠭᠰᠠᠨ ᠬᠡᠷᠡᠭ   ᠢ ᠬᠠᠮᠲᠤ ᠪᠠᠷ ᠭᠤᠷᠪᠠ ᠪᠠᠶᠢᠴᠠᠭᠠᠨ ᠢᠯᠡᠷᠡᠭᠦᠯᠵᠦ᠂ ᠵᠣᠭᠤᠰ ᠨᠠᠭᠠᠳᠤᠭᠰᠠᠨ ᠬᠡᠷᠡᠭ ᠲᠤ ᠬᠤᠯᠪᠣᠭᠳᠠᠭᠰᠠᠨ ᠬᠠᠤᠯᠢ   ᠠᠴᠠ ᠵᠥᠷᠢᠴᠡᠭᠰᠡᠨ 17 ᠰᠡᠵᠢᠭᠲᠡᠨ   ᠢ ᠪᠠᠷᠢᠪᠴᠢᠯᠠᠪᠠ᠃      ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠤᠯᠠᠨ ᠤ ᠨᠡᠶᠢᠭᠡᠮ ᠤᠨ ᠠᠮᠤᠷ ᠲᠦᠪᠰᠢᠨ ᠤ ᠲᠤᠬᠠᠢ ᠰᠢᠨ᠎ᠡ ᠬᠦᠰᠡᠯ ᠡᠷᠡᠮᠡᠯᠵᠡᠯ ᠤᠨ ᠲᠣᠭᠤᠷᠢᠨ ᠳᠤ᠂ ᠵᠤᠨ ᠤ ᠰᠥᠨᠢ ᠶᠢᠨ ᠠᠮᠤᠷ ᠲᠦᠪᠰᠢᠨ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠨᠡᠶᠢᠭᠡᠮ ᠤᠨ ᠠᠮᠤᠷ ᠲᠣᠭᠲᠠᠭᠤᠨ ᠢ ᠰᠡᠳᠬᠢᠯ ᠲᠠᠯᠪᠢᠵᠤ᠂ ᠬᠦᠴᠦ ᠲᠠᠯᠪᠢᠵᠤ᠂ ᠬᠠᠶᠢᠷ᠎ᠠ ᠰᠡᠳᠬᠢᠯᠭᠡ ᠪᠠᠷ ᠢᠶᠠᠨ ᠰᠠᠬᠢᠨ ᠬᠠᠮᠠᠭᠠᠯᠠᠵᠤ᠂ ᠠᠮᠤᠷ ᠲᠦᠪᠰᠢᠨ᠂ ᠲᠣᠭᠲᠠᠭᠤᠨ᠂ ᠡᠮᠬᠢ ᠳᠢᠭᠯᠢᠮ ᠲᠠᠢ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠵᠤ᠂ ᠤᠯᠠᠨ ᠲᠦᠮᠡᠨ ᠳᠤ ᠠᠮᠤᠷ ᠲᠦᠪᠰᠢᠨ ᠳᠡᠷᠭᠡᠳᠡ ᠨᠢ ᠪᠠᠶᠢᠬᠤ ᠶᠢ ᠦᠨᠡᠨᠬᠦ ᠮᠡᠳᠡᠷᠡᠭᠦᠯᠦᠨ᠎ᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1