ᠰᠢᠨ᠎ᠡ ᠬᠡᠪᠯᠡᠯ ᠤᠨ iPhone ᠶᠢ ᠬᠤᠳᠠᠯᠳᠤᠬᠤ ᠪᠠᠨ ᠵᠣᠭᠰᠣᠨ᠎ᠠ ᠭᠡᠨ᠎ᠡ ᠦᠦ︖
ᠨᠡᠶᠢᠲᠡᠯᠡᠭᠰᠡᠨ ᠴᠠᠭ᠄
2023/9/11
      ᠣᠶᠢᠷ᠎ᠠ ᠳᠤ᠂  ᠳᠤᠮᠳᠠᠳᠤ  ᠤᠯᠤᠰ ᠤᠨ  ᠰᠢᠯᠵᠢᠮᠡᠯ  ᠬᠤᠯᠪᠣᠭᠠᠨ ᠤ  ᠺᠣᠮᠫᠠᠨᠢ iPhone ᠬᠤᠳᠠᠯᠳᠤᠬᠤ ᠪᠠᠨ ᠵᠣᠭᠰᠤᠵᠤ᠂ Apple ᠺᠣᠮᠫᠠᠨᠢ ᠶᠢᠨ ᠤᠳᠠᠯ ᠦᠭᠡᠢ ᠬᠤᠳᠠᠯᠳᠤᠬᠤ ᠭᠡᠵᠦ  ᠪᠠᠶᠢᠭ᠎ᠠ  iPhone 15 ᠶᠢ ᠴᠤ ᠦᠷᠭᠦᠯᠵᠢᠯᠡᠨ ᠭᠡᠷᠡᠲᠦ ᠮᠠᠰᠢᠨ ᠢᠶᠠᠷ ᠪᠣᠷᠣᠯᠠᠭᠤᠯᠬᠤ ᠦᠭᠡᠢ ᠪᠣᠯᠵᠠᠢ ᠭᠡᠰᠡᠨ ᠴᠢᠮᠡᠭᠡ ᠨᠡᠶᠢᠭᠡᠮ ᠤᠨ  ᠬᠠᠷᠢᠯᠴᠠᠭᠠᠨ ᠤ ᠣᠯᠠᠨ‌‍ᠲ᠋ᠠᠪᠴᠠᠩ ᠳᠡᠭᠡᠷ᠎ᠡ ᠬᠠᠯᠠᠭᠤᠨ ᠢᠶᠠᠷ ᠳᠡᠯᠭᠡᠷᠡᠯ᠎ᠡ᠃              7 ᠤ ᠡᠳᠦᠷ᠂ ᠰᠤᠷᠪᠤᠯᠵᠢᠯᠠᠭᠴᠢ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠪᠦᠯᠦᠭᠯᠡᠯ ᠠᠴᠠ ᠣᠶᠢᠯᠠᠭᠠᠭᠰᠠᠨ ᠢᠶᠠᠷ᠂ ᠳᠡᠭᠡᠷᠡᠬᠢ ᠮᠡᠳᠡᠭᠡ ᠪᠣᠯ ᠴᠥᠮ ᠬᠠᠭᠤᠷᠮᠠᠭ ᠮᠡᠳᠡᠭᠡ ᠪᠣᠯᠣᠨ᠎ᠠ᠂ Apple ᠺᠣᠮᠫᠠᠨᠢ ᠶᠢᠨ ᠤᠳᠠᠯ ᠦᠭᠡᠢ  ᠬᠤᠳᠠᠯᠳᠤᠬᠤ ᠭᠡᠵᠦ ᠪᠠᠶᠢᠭ᠎ᠠ iPhone15 ᠶᠢᠨ ᠲᠤᠬᠠᠢ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠺᠣᠮᠫᠠᠨᠢ ᠴᠤ ᠦᠷᠭᠦᠯᠵᠢᠯᠡᠨ ᠬᠠᠮᠲᠤᠷᠠᠨ ᠪᠣᠷᠣᠯᠠᠭᠤᠯᠬᠤ ᠪᠣᠯᠣᠨ᠎ᠠ ᠭᠡᠵᠡᠢ᠃         ᠢᠷᠡᠯᠳᠡ᠄ ᠠᠷᠠᠳ ᠤᠨ ᠰᠦᠯᠵᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1