ᠡᠶᠢᠮᠦ ︽ᠡᠯᠧᠺᠲᠷᠣᠨ ᠲᠠᠮᠠᠬᠢ︾ ᠶᠢ ᠦᠵᠡᠪᠡᠯ ᠪᠠᠷᠢᠨ ᠳᠣᠣᠷ᠎ᠠ ᠨᠢ ᠴᠠᠭᠳᠠᠭ᠎ᠠ ᠳᠤ ᠮᠡᠳᠡᠭᠦᠯ︕
ᠨᠡᠶᠢᠲᠡᠯᠡᠭᠰᠡᠨ ᠴᠠᠭ᠄
2023/9/11
      ᠰᠢᠨᠬᠤᠸᠠ ᠬᠤᠷᠢᠶ᠎ᠠ 2023 - 09 - 05 13᠄ 40 ᠪᠡᠭᠡᠵᠢᠩ ᠳᠤ ᠨᠡᠶᠢᠳᠡᠯᠡᠪᠡ        ᠲᠦᠷᠦᠭᠦᠬᠡᠨ᠂ ᠬᠤᠪᠧᠶ ᠮᠤᠵᠢ ᠶᠢᠨ ᠶᠠᠩ ᠰᠢᠨ ᠰᠢᠶᠠᠨ ᠤ ᠴᠠᠭᠳᠠᠭᠠᠨ ᠤ ᠲᠠᠯ᠎ᠠ ᠶᠢᠨ ᠬᠢᠨ ︽ᠲᠠᠷᠢᠬᠢ ᠲᠤᠯᠤᠭᠠᠢ ᠶᠢ ᠬᠤᠤᠷᠳᠤᠭᠤᠯᠬᠤ ᠡᠯᠧᠺᠲᠷᠣᠨ ᠲᠠᠮᠠᠬᠢ︾ ᠫᠠᠨᠽᠠᠯᠠᠭᠰᠠᠨ ᠬᠡᠷᠡᠭ ᠢ ᠪᠠᠶᠢᠴᠠᠭᠠᠨ ᠢᠯᠡᠷᠡᠭᠦᠯᠪᠡ᠂ ᠴᠠᠭᠳᠠᠭᠠᠨ ᠤ  ᠲᠠᠯ᠎ᠠ ᠶᠢᠨ ᠬᠢᠨ  ᠲᠤᠬᠠᠶ ᠶᠢᠨ  ᠲᠠᠯᠠᠪᠠᠶ ᠳᠤ ᠢ ᠲᠦᠸᠧ ᠮᠢ ᡁᠢ ᠠᠭᠤᠯᠤᠬᠰᠠᠨ ᠡᠯᠧᠺᠲᠷᠣᠨ ᠲᠠᠮᠠᠬᠢᠨ ᠪᠥᠮᠪᠦᠭᠡ 125᠂ ᠡᠯᠧᠺᠲᠷᠣᠨ ᠲᠠᠮᠠᠬᠢᠨ  ᠭᠠᠩᠰᠠ  23  ᠪᠠᠶᠢᠬᠤ ᠶᠢ ᠪᠠᠶᠢᠴᠠᠭᠠᠨ ᠢᠯᠡᠷᠡᠭᠦᠯᠪᠡ᠃              ᠣᠶᠢᠯᠠᠭᠠᠭᠰᠠᠨ ᠢᠶᠠᠷ᠂ ᠡᠶᠢᠮᠦᠷᠬᠦ ︽ᠲᠠᠷᠢᠬᠢ ᠲᠤᠯᠤᠭᠠᠢ ᠶᠢ ᠬᠤᠤᠷᠳᠤᠭᠤᠯᠬᠤ  ᠡᠯᠧᠺᠲᠷᠣᠨ  ᠲᠠᠮᠠᠬᠢ︾ ᠶᠢᠨ ᠭᠠᠳᠠᠷ ᠪᠠᠶᠢᠳᠠᠯ ᠢ ᠡᠩ ᠤᠨ ᠡᠯᠧᠺᠲᠷᠣᠨ ᠲᠠᠮᠠᠬᠢ ᠲᠠᠢ ᠢᠯᠭᠠᠬᠤ ᠳᠤ ᠪᠡᠷᠬᠡ ᠪᠣᠯᠪᠠᠴᠤ ᠶᠠᠯᠠᠲᠤ ᠡᠲᠡᠭᠡᠳ ᠡᠯᠧᠺᠲᠷᠣᠨ  ᠲᠠᠮᠠᠬᠢᠨ ᠤ ᠤᠲᠤᠭᠠᠨ ᠤ ᠲᠣᠰᠣᠨ ᠳᠤ ᠨᠡᠶᠢᠯᠡᠯᠭᠡ ᠣᠯᠣᠰᠣᠨ ᠡᠳ᠋ ᠵᠡᠷᠭᠡ ᠪᠦᠷᠢᠯᠳᠦᠬᠦᠨ ᠢ ᠨᠡᠮᠡᠭᠰᠡᠨ ᠪᠠᠶᠢᠳᠠᠭ᠂  ᠡᠨᠡ ᠨᠢ  ᠦᠨᠡᠨ ᠳᠡᠭᠡᠨ ᠨᠢᠭᠡ ᠵᠦᠢᠯ ᠤᠨ ᠰᠢᠨ᠎ᠡ ᠬᠡᠯᠪᠡᠷᠢ ᠶᠢᠨ ᠬᠤᠤᠷᠲᠤ ᠡᠳ᠋ ᠪᠣᠯᠤᠨ᠎ᠠ᠃            ᠵᠠᠷᠢᠮ ᠶᠠᠯᠠᠲᠤ ᠡᠲᠡᠭᠡᠳ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠵᠠᠯᠠᠭᠤᠴᠤᠳ ᠢ ᠥᠳᠥᠭᠡᠨ ᠲᠠᠲᠠᠵᠤ ︽ᠲᠠᠷᠢᠬᠢ ᠲᠤᠯᠤᠭᠠᠢ ᠶᠢ ᠬᠤᠤᠷᠳᠤᠭᠤᠯᠬᠤ ᠡᠯᠧᠺᠲᠷᠣᠨ ᠲᠠᠮᠠᠬᠢ︾ ᠲᠠᠲᠠᠭᠤᠯᠵᠤ ᠪᠠᠶᠢᠬᠤ ᠶᠠᠪᠤᠳᠠᠯ ᠢ ᠳᠡᠭᠡᠳᠦ ᠬᠡᠮᠵᠢᠶ᠎ᠡ ᠪᠠᠷ ᠰᠡᠷᠡᠮᠵᠢᠯᠡᠭᠦᠰᠢᠲᠡᠢ ᠶᠤᠮ᠃ ᠭᠤᠸᠠᠩᠰᠢ᠂ ᠭᠤᠸᠠᠩᠳᠦ᠋ᠩ᠂ ᠬᠥᠬᠡᠨᠠᠭᠤᠷ᠂ ᠱᠠᠨᠳᠦ᠋ᠩ ᠵᠡᠷᠭᠡ ᠤᠯᠠᠨ ᠭᠠᠵᠠᠷ ᠤᠨ ᠬᠢᠨ ᠨᠢᠭᠡᠨᠲᠡ ᠠᠵᠢᠯᠯᠠᠭ᠎ᠠ ᠥᠷᠨᠢᠭᠦᠯᠵᠦ᠂ ᠬᠤᠯᠪᠣᠭᠳᠠᠯ ᠪᠦᠬᠦᠢ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠨ᠎ᠠ᠃        ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠯ᠎ᠡ ᠰᠠᠯᠠᠭ᠎ᠠ ᠮᠥᠴᠢᠷ ᠤᠨ ᠬᠠᠮᠵᠢᠯᠴᠠᠨ ᠴᠣᠬᠢᠯᠲᠠ ᠦᠭᠴᠦ ᠵᠠᠰᠠᠯᠳᠠ ᠬᠢᠬᠦ ᠪᠠᠶᠢᠳᠠᠯ ᠳᠤᠤᠷ᠎ᠠ᠂ ᠰᠢᠨ᠎ᠡ  ᠬᠡᠯᠪᠡᠷᠢ ᠶᠢᠨ ᠬᠤᠤᠷᠲᠤ ᠡᠳ᠋ ᠰᠠᠮᠠᠭᠤᠷᠠᠭᠰᠠᠨ ᠪᠠᠶᠢᠳᠠᠯ ᠢ ᠲᠦᠢᠯ ᠤᠨ  ᠶᠡᠭᠡ ᠪᠠᠷ ᠬᠤᠷᠢᠭᠯᠠᠭᠰᠠᠨ ᠪᠣᠯᠪᠠᠴᠤ ᠬᠠᠤᠯᠢ ᠪᠤᠰᠤ ᠡᠲᠡᠭᠡᠳ ᠮᠥᠨ ᠬᠦ ᠬᠡᠲᠦ ᠠᠰᠢᠭ ᠤᠯᠬᠤ ᠶᠢᠨ ᠲᠥᠯᠥᠭᠡ ᠭᠡᠨᠡᠨ  ᠵᠠᠮ ᠢᠶᠠᠷ  ᠵᠠᠮᠨᠠᠵᠤ ᠪᠤᠢ᠃  ᠢᠷᠡᠯᠳᠡ᠄ ᠠᠷᠠᠳ ᠤᠨ ᠰᠦᠯᠵᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1