ᠲᠣᠭᠲᠠᠬᠤ ᠰᠢᠶᠠᠨ 2023 ᠣᠨ ᠤ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠦᠯᠦᠭᠡ᠂ ᠰᠦᠯᠵᠢᠶᠡᠨ ᠤ ᠠᠮᠤᠷ ᠲᠦᠪᠰᠢᠨ ᠳᠤ ᠠᠷᠠᠳ ᠲᠦᠮᠡᠨ ᠢ ᠲᠦᠰᠢᠭᠯᠡᠨ᠎ᠡ︾ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/9/13
      ᠥᠷᠭᠡᠨ ᠣᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ  ᠲᠡᠭᠡᠭᠰᠢᠯᠡᠭᠦᠯᠵᠦ᠂ ᠰᠦᠯᠵᠢᠶᠡᠨ ᠤ ᠢᠷᠭᠡᠳ ᠢ ᠵᠢᠯᠣᠭᠤᠳᠤᠨ ᠰᠦᠯᠵᠢᠶ᠎ᠡ ᠶᠢ ᠵᠥᠪ ᠲᠠᠨᠢᠭᠤᠯᠵᠤ᠂ ᠰᠦᠯᠵᠢᠶ᠎ᠡ ᠶᠢ ᠵᠥᠪ ᠬᠡᠷᠡᠭᠯᠡᠭᠦᠯᠵᠦ᠂ ᠠᠮᠤᠷ ᠲᠦᠪᠰᠢᠨ᠂ ᠪᠣᠯᠪᠠᠰᠤᠨ᠂ ᠡᠶ᠎ᠡ ᠵᠣᠬᠢᠴᠠᠩᠭᠤᠢ ᠰᠦᠯᠵᠢᠶᠡᠨ ᠤ ᠣᠷᠴᠢᠨ ᠲᠣᠭᠤᠷᠢᠨ ᠢ ᠶᠡᠬᠡᠪᠡᠷ ᠪᠤᠢ ᠪᠤᠯᠭᠠᠬᠤ ᠶᠢᠨ ᠲᠦᠯᠦᠭᠡ᠂ 9 ᠳ᠋ᠤᠭᠡᠷ ᠰᠠᠷ᠎ᠠ ᠶᠢᠨ 11  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠱᠤᠸᠠᠩ ᠾᠧ ᠪᠠᠯᠭᠠᠰᠤ᠂ ᠲᠣᠭᠲᠠᠬᠤ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠤᠯᠠᠭᠠᠨᠮᠥ᠋ᠴᠢᠷ ᠤᠨ ᠭᠤᠣᠯᠯᠠᠨ ᠡᠷᠬᠢᠯᠡᠭᠰᠡᠨ ︽ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠤ ᠲᠦᠯᠦᠭᠡ᠂ ᠰᠦᠯᠵᠢᠶᠡᠨ ᠤ ᠠᠮᠤᠷ ᠲᠦᠪᠰᠢᠨ ᠳᠤ ᠠᠷᠠᠳ ᠲᠦᠮᠡᠨ ᠢ ᠲᠦᠰᠢᠭᠯᠡᠨ᠎ᠡ︾ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪᠲᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠨᠢ ᠮᠡᠳᠡᠯᠭᠡ ᠶᠢᠨ ᠲᠠᠶᠢᠯᠤᠮᠵᠢ᠂ ᠱᠤᠭ ᠵᠦᠴᠦᠭᠡ᠂ ᠳᠠᠭᠤᠤ ᠪᠥᠵᠢᠭ᠂ ᠬᠤᠶᠠᠷ ᠬᠥᠮᠥᠨ ᠤ ᠲᠠᠪᠴᠠᠩ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠰᠦᠯᠵᠢᠶᠡᠨ ᠤ ᠮᠡᠳᠡᠯᠭᠡ ᠪᠠ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢ ᠤᠬᠠᠭᠤᠯᠵᠤ᠂ ᠣᠯᠠᠨ ᠲᠦᠮᠡᠨ ᠢ ᠬᠠᠪᠰᠤᠷᠤᠨ ᠰᠦᠯᠵᠢᠶᠡᠨ ᠤ ᠠᠮᠤᠷ ᠲᠦᠪᠰᠢᠨ ᠤ ᠲᠦᠭᠰᠢᠭᠦᠷᠢ ᠶᠢ ᠣᠶᠢᠯᠠᠭᠠᠭᠤᠯᠵᠤ᠂ ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠢ ᠴᠢᠷᠮᠠᠶᠢᠨ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠲᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠪᠣᠯᠣᠨ᠎ᠠ᠃      ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠪᠣᠯᠪᠠᠰᠤᠨ ᠢᠶᠠᠷ ᠰᠦᠯᠵᠢᠶᠡᠨ ᠳᠤ ᠭᠠᠷᠬᠤ᠂ ᠠᠮᠤᠷ ᠲᠦᠪᠰᠢᠨ ᠢᠶᠠᠷ ᠰᠦᠯᠵᠢᠶᠡᠨ ᠳᠤ ᠭᠠᠷᠬᠤ ᠤᠬᠠᠮᠰᠠᠷ ᠢ ᠲᠤᠶᠢᠯ ᠤᠨ ᠶᠡᠭᠡ ᠪᠠᠷ ᠴᠢᠩᠭᠠᠷᠠᠭᠤᠯᠬᠤ ᠶᠢᠨ ᠬᠠᠮᠲᠤ ᠥᠷᠭᠡᠨ ᠣᠯᠠᠨ ᠰᠦᠯᠵᠢᠶᠡᠴᠢᠳ ᠤᠨ ᠰᠦᠯᠵᠢᠶᠡᠨ ᠳᠡᠭᠡᠷᠡᠬᠢ ᠪᠣᠯᠪᠠᠰᠤᠨ ᠪᠤᠰᠤ ᠦᠶᠯᠡ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠶᠢ ᠰᠠᠨᠠᠭᠠᠴᠢᠯᠠᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠦᠯᠵᠢᠶᠡᠨ ᠤ ᠢᠳᠡᠪᠬᠢ ᠬᠦᠴᠦᠨ ᠤ ᠤᠯᠠᠮᠵᠢᠯᠠᠭᠴᠢ᠂ ᠦᠢᠯᠡᠳᠦᠯᠭᠡᠵᠢᠭᠦᠯᠦᠭᠴᠢ᠂ ᠪᠠᠳᠠᠷᠠᠭᠤᠯᠤᠭᠴᠢ ᠪᠣᠯᠬᠤ ᠪᠠᠷ ᠴᠢᠷᠮᠠᠶᠢᠵᠤ᠂ ᠰᠤᠷᠲᠠᠯ ᠴᠢᠬᠡᠴᠢ ᠣᠪᠣᠷ ᠲᠥᠪ ᠰᠦᠯᠵᠢᠶᠡᠨ ᠤ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠪᠣᠯᠣᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1