ᠲᠣᠭᠲᠠᠬᠤ ᠰᠢᠶᠠᠨ᠄ ᠥᠪᠡᠷᠮᠢᠴᠡ ᠣᠨᠴᠠᠯᠢᠭ ᠲᠠᠢ ᠲᠠᠷᠢᠶᠠᠯᠠᠩ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/9/13
      ᠣᠶᠢᠷ᠎ᠠ ᠶᠢᠨ ᠡᠳᠦᠷ ᠤᠳ ᠲᠤ᠂ ᠥᠪᠥᠷ ᠮᠣᠩᠭᠤᠯ ᠤᠨ ᠲᠣᠭᠲᠠᠬᠤ ᠰᠢᠶᠠᠨ ᠤ ︽ᠬᠠᠲᠤᠨ ᠭᠤᠣᠯ ᠤᠨ ᠢ ᠯᠢᠦ ᠸᠠᠨ︾ ᠲᠦᠮᠡᠨ ᠮᠦ ᠦᠵᠦᠮ ᠵᠠᠯᠭᠠᠭ᠎ᠠ ᠪᠠᠷ ᠲᠡᠭᠦᠵᠦ ᠬᠤᠷᠢᠶᠠᠬᠤ ᠤᠯᠠᠷᠢᠯ ᠳᠤ ᠣᠷᠣᠵᠤ᠂ ᠠᠳᠡᠬᠢ ᠨᠢ ᠬᠠᠲᠤᠨ ᠭᠤᠣᠯ ᠤᠨ ᠳᠡᠭᠡᠳᠦ ᠳᠤᠮᠳᠠᠳᠤ ᠤᠷᠤᠰᠬᠠᠯ ᠤᠨ ᠵᠠᠭᠠᠭ ᠲᠤ ᠪᠠᠶᠢᠷᠢᠯᠠᠵᠤ᠂ ᠵᠡᠭᠦᠨ ᠢᠶᠠᠷ ᠢᠶᠠᠨ ᠠᠭᠤᠯᠠ ᠨᠢᠷᠤᠭᠤ ᠶᠢ ᠲᠦᠰᠢᠵᠦ᠂ ᠪᠠᠷᠠᠭᠤᠨ ᠢᠶᠠᠷ ᠢᠶᠠᠨ ᠬᠠᠲᠤᠨ ᠭᠤᠣᠯ ᠲᠠᠢ ᠬᠥᠷᠰᠢᠯᠡᠵᠦ᠂ ᠨᠡᠷᠡᠨ ᠤ ᠲᠤᠰᠤᠯᠲᠠ ᠭᠦᠢᠴᠡᠳ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ ᠥᠪᠡᠷᠮᠢᠴᠡ ᠪᠠᠭ᠎ᠠ ᠠᠭᠤᠷ ᠠᠮᠢᠰᠬᠤᠯ ᠢ ᠪᠣᠶ ᠪᠣᠯᠭᠠᠭᠰᠠᠨ ᠪᠥᠭᠡᠳ ᠬᠠᠲᠤᠨ ᠭᠤᠣᠯ ᠤᠨ ᠤᠰᠤ ᠶᠢ ᠤᠰᠤᠯᠠᠭᠰᠠᠨ ᠠᠴᠠ ᠳᠠᠷᠢᠵᠤ ᠭᠠᠷᠭᠠᠭᠰᠠᠨ ᠦᠵᠦᠮ ᠤᠨ ᠬᠠᠯᠢᠰᠤ ᠨᠢ ᠨᠢᠮᠭᠡᠨ᠂ ᠰᠢᠬᠢᠷᠯᠢᠭ ᠤᠨ ᠬᠡᠮᠵᠢᠶ᠎ᠡ ᠨᠢ ᠥᠨᠳᠥᠷ᠂ ᠠᠮᠲᠠ ᠨᠢ ᠰᠠᠶᠢᠨ ᠪᠠᠶᠢᠵᠤ᠂ ᠵᠣᠷᠴᠢᠭᠴᠢᠳ ᠤᠨ ᠲᠠᠭᠠᠰᠢᠶᠠᠯ ᠢ ᠶᠡᠬᠡᠳᠡ ᠣᠯᠣᠭᠰᠠᠨ ᠪᠠᠶᠢᠨ᠎ᠠ᠃
      ᠲᠣᠭᠲᠠᠬᠤ ᠰᠢᠶᠠᠨ ᠤ ᠬᠠᠶᠢᠯᠠᠰᠤᠨ ᠪᠤᠯᠠᠭ ᠲᠣᠰᠬᠤᠨ ᠤ ᠦᠵᠦᠮ 
     ᠬᠤᠶᠠᠷ ᠵᠤᠭᠠᠴᠠᠭᠴᠢ ᠬᠤᠤ ᠵᠢᠶᠠ ᠶᠣᠣ ᠲᠣᠰᠬᠤᠨ ᠤ ᠦᠵᠦᠮ ᠤᠨ ᠬᠦᠷᠢᠶᠡᠯᠡᠩ ᠳᠤ ᠦᠵᠦᠮ ᠲᠡᠭᠦᠵᠦ ᠪᠠ᠊ ‍ᠶᠢᠭ᠎ᠠ ᠨᠢ       ᠣᠶᠢᠷ᠎ᠠ ᠶᠢᠨ ᠵᠢᠯ ᠤᠳ ᠲᠤ᠂ ᠬᠠᠲᠤᠨ ᠭᠤᠣᠯ ᠤᠨ ᠡᠷᠭᠢ ᠳᠠᠭᠠᠤ ᠶᠢᠨ ᠡᠯ᠎ᠡ ᠲᠣᠰᠬᠤᠨ ᠨᠢ ᠲᠣᠰᠬᠤᠨ ᠤ ᠨᠠᠮ ᠤᠨ ᠡᠭᠦᠷ ᠢᠶᠠᠷ ᠵᠢᠯᠣᠭᠤᠳᠤᠮᠵᠢ ᠪᠣᠯᠭᠠᠵᠤ᠂ ︽ᠨᠠᠮ ᠤᠨ ᠪᠠᠶᠢᠭᠤᠯᠤᠯᠲᠠ + ᠠᠵᠤ ᠦᠢᠯᠡᠰ︾ ᠤᠨ ᠬᠥᠭᠵᠢᠯᠲᠡ ᠶᠢᠨ ᠬᠤᠯᠪᠣᠭᠠᠲᠤ ᠴᠣᠭᠴᠠ ᠶᠢ ᠪᠠᠶᠢᠭᠤᠯᠵᠤ᠂ ᠠᠮᠢ ᠠᠬᠤᠢ ᠶᠢᠨ ᠠᠵᠤ ᠠᠬᠤᠢ ᠶᠢᠨ ᠣᠶ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠡᠯᠭᠡᠷᠡᠭᠦᠯᠵᠦ᠂ ᠬᠤᠸ ᠵᠢᠶᠠ ᠶᠣᠣ ᠲᠣᠰᠬᠤᠨ ᠵᠢᠴᠢ ᠡᠷᠬᠢᠨ ᠲᠣᠭᠤᠷᠢᠨ ᠳᠤ 10000 ᠮᠦ ᠦᠵᠦᠮ ᠳᠠᠷᠢᠵᠤ᠂ ᠠᠷᠴᠠ ᠮᠠᠶᠢᠯᠠᠰᠤ᠂ ᠬᠦᠢᠯᠡᠰᠦ᠂ ᠴᠡᠴᠡᠭ ᠤᠨ ᠲᠠᠯᠪᠢ ᠵᠡᠷᠭᠡ 5.6 ᠲᠦᠮᠡᠨ ᠰᠠᠭᠤᠷᠢ ᠵᠢᠮᠢᠰ ᠤᠨ ᠮᠣᠳᠣ ᠳᠠᠷᠢᠵᠤ᠂ ᠬᠥᠬᠡᠮᠳᠦᠭ ᠠᠭᠤᠯᠠ ᠨᠣᠭᠤᠭᠠᠨ ᠤᠰᠤᠨ ᠳᠤ ᠲᠦᠰᠢᠭᠯᠡᠨ ᠲᠣᠭᠤᠷᠢᠨ ᠦᠵᠡᠬᠦ᠂ ᠲᠡᠭᠦᠬᠦ᠂ ᠠᠮᠠᠷᠠᠯᠲᠠ ᠥᠩᠭᠡᠷᠡᠭᠡᠬᠦ ᠶᠢ ᠨᠢᠭᠡ ᠴᠣᠭᠴᠠᠵᠢᠭᠤᠯᠤᠭᠰᠠᠨ 4A ᠲᠠᠰ ᠤᠨ ᠦᠵᠡᠮᠵᠢ ᠶᠢᠨ ᠣᠷᠣᠨ 2᠂ 3A ᠲᠠᠰ ᠤᠨ ᠦᠵᠡᠮᠵᠢ ᠶᠢᠨ ᠣᠷᠣᠨ ᠢ 1 ᠪᠠᠶᠢᠭᠤᠯᠵᠤ᠂ 67 ᠲᠠᠷᠢᠶᠠᠴᠢᠨ ᠠᠶᠢᠯ ᠤᠨ ᠵᠤᠭᠠᠴᠠᠯ ᠢ ᠬᠥᠭᠵᠢᠭᠦᠯᠵᠦ᠂ ᠵᠢᠯ ᠤᠨ ᠵᠤᠭᠠᠴᠠᠭᠰᠠᠳ ᠤᠨ ᠲᠤᠭ᠎ᠠ 83.4 ᠲᠦᠮᠡᠨ ᠬᠥᠮᠥᠨ ᠤᠳᠠᠭ᠎ᠠ ᠳᠤ ᠬᠥᠷᠪᠡ᠃ ᠣᠳᠣᠬᠠᠨ ᠳᠤ ᠠᠳᠡᠬᠢ ᠣᠷᠴᠢᠨ ᠲᠣᠭᠤᠷᠢᠨ ᠨᠡᠩ ᠭᠤᠶᠣ ᠰᠠᠶᠢᠬᠠᠨ ᠪᠣᠯᠵᠤ᠂ ᠲᠣᠰᠬᠤᠨ ᠤ ᠬᠠᠮᠲᠤ ᠨᠡᠶᠢᠲᠡ ᠨᠡᠩ ᠪᠠᠶᠠᠨ ᠴᠢᠨᠡᠭᠡᠯᠢᠭ ᠪᠣᠯᠵᠤ᠂ ᠡᠷᠦᠬᠡ ᠪᠣᠯᠭᠠᠨ ᠤ ︽ᠵᠣᠭᠤᠰ ᠤᠨ ᠤᠭᠤᠲᠠ︾  ᠨᠢ ᠴᠦ ᠨᠡᠩ ᠰᠠᠶᠢᠨ ᠪᠣᠯᠵᠠᠢ᠃
     ᠬᠤᠤ ᠵᠢᠶᠠ ᠶᠣᠣ ᠲᠣᠰᠬᠤᠨ ᠳᠤ ᠦᠵᠦᠮ ᠤᠨ ᠵᠢᠶᠠᠰᠠ ᠶᠢᠨ ᠰᠠᠯᠠᠭ᠎ᠠ ᠨᠠᠮᠠᠭ᠎ᠠ ᠢᠭᠴᠤ ᠰᠠᠬᠤᠯᠢᠭ ᠦᠷ᠎ᠡ ᠵᠢᠮᠢᠰ ᠡᠯᠪᠡᠭ ᠬᠤᠷᠢᠶᠠᠯᠲᠠ ᠲᠠᠢ ᠪᠠᠶᠢᠭ᠎ᠠ ᠨᠢ
     ᠨᠢᠭᠡᠨ ᠪᠢᠴᠢᠬᠠᠨ ᠵᠢᠭᠤᠯᠴᠢᠨ ᠥᠪᠡᠷ ᠤᠨ ᠳᠤᠷᠠᠲᠠᠢ ᠦᠵᠦᠮ ᠢᠶᠠᠨ ᠰᠣᠩᠭᠤᠵᠤ ᠪᠠᠶᠢᠭ᠎ᠠ ᠨᠢ
     ᠠᠭᠤᠯᠠᠨ ᠬᠥᠲᠥᠯ ᠳᠠᠬᠢ ᠦᠵᠦᠮ ᠤᠨ ᠵᠢᠶᠠᠰᠠ ᠳᠠᠪᠬᠤᠷᠯᠠᠵᠤ᠂ ᠶᠠᠩᠵᠤ ᠪᠦᠷᠢ ᠶᠢᠨ ᠬᠡᠯᠪᠡᠷᠢ ᠲᠠᠢ
     ᠬᠤᠤ ᠵᠢᠶᠠ ᠲᠣᠰᠬᠤᠨ ᠳᠤ᠂ ᠭᠢᠯᠲᠠᠭᠠᠨᠠᠮ᠎ᠠ ᠰᠠᠶᠢᠬᠠᠨ ᠦᠵᠦᠮ ᠤᠨ ᠬᠦᠷᠢᠶᠡᠯᠡᠩ
     ᠵᠢᠷᠭᠠᠬᠤ ᠨᠡᠷᠡᠨ ᠤ ᠲᠤᠶᠠᠭ᠎ᠠ ᠳᠣᠣᠷ᠎ᠠ᠂ ᠬᠠᠲᠤᠨ ᠭᠤᠣᠯ ᠪᠣᠯᠣᠨ ᠦᠵᠦᠮ ᠤᠨ ᠮᠤᠷᠤᠶᠢᠯᠲᠠ ᠨᠢ ᠬᠥᠮᠥᠰ ᠢ ᠰᠣᠭᠲᠣᠭᠤᠷᠠᠭᠤᠯᠤᠮ᠎ᠠ ᠰᠠᠶᠢᠬᠠᠨ ᠦᠵᠡᠮᠵᠢᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1