ᠲᠣᠭᠲᠠᠬᠤ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ ︽9 · 18︾ ᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/9/13
       ᠬᠤᠲᠠ ᠶᠢᠨ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠠᠭᠠᠷ ᠤᠨ ᠰᠡᠷᠭᠡᠶᠢᠯᠡᠯᠲᠡ ᠪᠠ ᠭᠠᠮᠰᠢᠭ ᠢ ᠰᠡᠷᠭᠡᠶᠢᠯᠡᠬᠦ ᠤᠬᠠᠮᠰᠠᠷ ᠢ ᠴᠢᠩᠭᠠᠳᠬᠠᠵᠦ᠂ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠢᠯᠭᠠᠨ ᠲᠠᠨᠢᠬᠤ ᠴᠢᠳᠠᠪᠤᠷᠢ ᠪᠠᠨ ᠲᠡᠭᠡᠭᠰᠢᠯᠡᠭᠦᠯᠬᠦ ᠶᠢᠨ ᠲᠦᠯᠦᠭᠡ᠂ ᠮᠠᠨ ᠤ ᠰᠢᠶᠠᠨ ᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶᠠᠨ ᠤ ᠮᠠᠰᠢᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠤᠨ ᠰᠡᠷᠭᠡᠶᠢᠯᠡᠯᠲᠡ ᠭᠠᠮᠰᠢᠭ ᠢ ᠰᠡᠷᠭᠡᠶᠢᠯᠡᠬᠦ ᠴᠢᠮᠡᠭᠡ ᠬᠤᠯᠪᠣᠭ᠎ᠠ ᠶᠢᠨ ᠰᠡᠷᠡᠮᠵᠢ ᠶᠢᠨ ᠳᠣᠬᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠯ ᠪᠦᠬᠦᠢ ᠲᠣᠭᠲᠠᠭᠠᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ ︿2023 ᠣᠨ ᠤ ᠪᠥᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ︿9 · 18﹀ ᠤ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ﹀︾ ︵ᠥᠪᠥᠷ ᠤᠯᠤᠰ ᠲᠠᠶᠢᠴᠯᠠᠯᠳᠠ ᠥᠰᠥᠭ ﹇2023﹈ 247 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠲᠣᠭᠲᠠᠬᠤ ᠰᠢᠶᠠᠨ ᠤ ᠬᠡᠪᠴᠢᠶᠡᠨ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠶᠢ ᠵᠣᠬᠢᠶᠠᠨ ᠪᠠᠶᠢᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠴᠠᠭ᠄ 2023 ᠣᠨ ᠤ 9 ᠳ᠋ᠤᠭᠡᠷ ᠰᠠᠷ᠎ᠠ ᠶᠢᠨ 18 ᠤ ᠡᠳᠦᠷ ︵ᠭᠠᠷᠠᠭ ᠤᠨ ᠨᠢᠭᠡᠨ︶ ᠤᠨ 9 ᠴᠠᠭ 30 ᠮᠢᠨᠦ᠋ᠲ ᠠᠴᠠ 10 ᠴᠠᠭ ᠪᠣᠯᠲᠠᠯ᠎ᠠ᠃      ᠬᠤᠶᠠᠷ᠂ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠬᠡᠪᠴᠢᠶ᠎ᠡ᠄ ᠲᠣᠭᠲᠠᠬᠤ ᠰᠢᠶᠠᠨ ᠤ ᠬᠤᠳᠠ ᠶᠢᠨ ᠲᠣᠭᠤᠷᠢᠭ ᠵᠢᠴᠢ ᠠᠵᠤ ᠦᠢᠯᠡᠳᠪᠦᠷᠢ ᠶᠢᠨ ᠬᠦᠷᠢᠶᠡᠯᠡᠩ᠃      ᠭᠤᠷᠪᠠ᠂ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠳᠣᠬᠢᠶ᠎ᠠ      ᠤᠷᠢᠳᠴᠢᠯᠠᠭᠰᠠᠨ ᠰᠡᠷᠡᠮᠵᠢ ᠶᠢᠨ ᠳᠣᠬᠢᠶ᠎ᠠ᠄ 36 ᠰᠧᠺᠦ᠋ᠨ᠋ᠳ᠋ ᠳᠤᠤᠭᠠᠷᠴᠤ᠂ 24 ᠰᠧᠺᠦ᠋ᠨ᠋ᠳ᠋ ᠵᠣᠭᠰᠣᠵᠤ᠂ ᠳᠠᠬᠢᠨ ᠳᠠᠪᠲᠠᠨ ᠡᠷᠭᠢᠯᠲᠡ ᠨᠢ 180 ᠰᠧᠺᠦ᠋ᠨ᠋ᠳ᠋ ᠦᠷᠭᠦᠯᠵᠢᠯᠡᠨ᠎ᠡ᠃      ᠠᠭᠠᠷ ᠤᠨ ᠳᠠᠭᠠᠷᠢᠯᠲᠠ ᠶᠢᠨ ᠰᠡᠷᠡᠮᠵᠢ ᠶᠢᠨ ᠳᠣᠬᠢᠶ᠎ᠠ᠄ 6 ᠰᠧᠺᠦ᠋ᠨ᠋ᠳ᠋ ᠳᠤᠤᠭᠠᠷᠴᠤ᠂ 6 ᠰᠧᠺᠦ᠋ᠨ᠋ᠳ᠋ ᠵᠣᠭᠰᠣᠵᠤ᠂ ᠳᠠᠬᠢᠨ ᠳᠠᠪᠲᠠᠨ 180 ᠰᠧᠺᠦ᠋ᠨ᠋ᠳ᠋ ᠦᠷᠭᠦᠯᠵᠢᠯᠡᠨ᠎ᠡ᠃      ᠰᠡᠷᠡᠮᠵᠢ ᠶᠢᠨ ᠳᠣᠬᠢᠶ᠎ᠠ ᠶᠢ ᠬᠦᠴᠦᠨ ᠦᠭᠡᠢ ᠪᠣᠯᠭᠠᠬᠤ᠄ ᠵᠠᠯᠭᠠᠭ᠎ᠠ ᠪᠠᠷ 180 ᠰᠧᠺᠦ᠋ᠨ᠋ᠳ᠋ ᠳᠤᠤᠭᠠᠷᠤᠨ᠎ᠠ᠃      ᠰᠡᠷᠡᠮᠵᠢ ᠶᠢᠨ ᠳᠣᠬᠢᠶ᠎ᠠ ᠶᠢ ᠲᠤᠷᠰᠢᠨ ᠳᠣᠩᠭᠤᠳᠬᠤ ᠬᠤᠭᠤᠴᠠᠭᠠᠨ ᠳᠤ᠂ ᠥᠷᠭᠡᠨ ᠣᠯᠠᠨ ᠬᠤᠲᠠ ᠶᠢᠨ ᠠᠷᠠᠳ ᠠᠶᠤᠵᠤ ᠰᠠᠨᠳᠤᠷᠬᠤ ᠦᠭᠡᠢ ᠪᠠᠶᠢᠵᠤ᠂ ᠬᠡᠪ ᠤᠨ ᠠᠮᠢᠳᠤᠷᠠᠯ ᠪᠠ ᠠᠵᠢᠯ ᠤᠨ ᠡᠮᠬᠢ ᠵᠢᠷᠤᠮ ᠢ ᠪᠠᠲᠤᠯᠠᠵᠤ᠂ ᠪᠥᠬᠦ ᠰᠢᠶᠠᠨ ᠤ ᠰᠡᠷᠡᠮᠵᠢ ᠶᠢᠨ ᠳᠣᠬᠢᠶ᠎ᠠ ᠶᠢ ᠲᠤᠷᠰᠢᠨ ᠳᠣᠩᠭᠤᠳᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢ ᠬᠦᠰᠡᠵᠦ ᠪᠠᠶᠢᠨ᠎ᠠ᠃                 ᠡᠭᠦᠨ ᠤ ᠲᠤᠯᠠ ᠣᠨᠴᠠᠭᠠᠶᠢᠯᠠᠨ ᠵᠠᠷᠯᠠᠪᠠ᠃      ᠲᠣᠭᠲᠠᠬᠤ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ               2023 ᠣᠨ ᠤ 9 ᠳ᠋ᠤᠭᠡᠷ ᠰᠠᠷ᠎ᠠ ᠶᠢᠨ 11 ᠤ ᠡᠳᠦᠷᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1