ᠵᠥᠩ ᠲᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠶ᠎ᠠ︾ ᠰᠠᠶᠢᠨ ᠳᠤᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/14
      ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠴᠢᠨᠠᠭᠰᠢᠳᠠ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠠ ᠦᠭᠡᠢ ᠪᠠᠲᠤᠳᠬᠠᠵᠤ᠂ ᠤᠯᠠᠨ ᠲᠦᠮᠡᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠮᠰᠠᠷ ᠢ ᠴᠢᠩᠭᠠᠳᠬᠠᠵᠤ᠂ ᠰᠠᠶᠢᠨ ᠰᠠᠶᠢᠬᠠᠨ ᠬᠡᠯᠡᠨ ᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 9 ᠳ᠋ᠤᠭᠡᠷ ᠰᠠᠷ᠎ᠠ ᠶᠢᠨ 12  ᠤᠨ ᠦᠳᠡ ᠶᠢᠨ ᠡᠮᠦᠨ᠎ᠡ᠂ ᠵᠦᠩ ᠲᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ︽ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠰᠠᠶᠢᠨ ᠳᠤᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃
     ᠠᠵᠢᠯᠯᠠᠭ᠎ᠠ   ᠶᠢᠨ ᠳᠤᠮᠳᠠ ᠠᠵᠢᠯᠲᠠᠳ ᠡᠯ᠎ᠡ ᠵᠦᠢᠯ ᠤᠨ ᠤᠬᠠᠭᠤᠯᠭ᠎ᠠ ᠶᠢᠨ ᠭᠠᠷ ᠳᠡᠪᠲᠡᠷ ᠪᠣᠯᠣᠨ ᠤᠬᠠᠭᠤᠯᠭ᠎ᠠ ᠶᠢᠨ ᠬᠠᠭᠤᠳᠠᠰᠤ ᠶᠢ ᠰᠠᠭᠤᠭᠠᠯᠢ ᠠᠷᠠᠳ ᠨᠢᠭᠡᠪᠦᠷᠢ ᠳᠤ ᠳᠠᠮᠵᠢᠭᠤᠯᠤᠨ ᠥᠭᠴᠦ᠂ ᠣᠯᠠᠨ ᠢᠶᠠᠷ ᠢᠶᠠᠨ ︽ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠰᠢᠨ᠎ᠡ ᠠᠶᠠᠨ ᠳᠠᠶᠢᠨ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠤᠬᠠᠭᠤᠯᠭ᠎ᠠ ᠶᠢᠨ ᠹᠢᠯᠢᠮ ᠢ ᠬᠠᠮᠲᠤ ᠪᠠᠷ ᠰᠣᠨᠢᠷᠬᠠᠨ ᠦᠵᠡᠵᠦ᠂ ᠠᠵᠢᠯᠲᠠᠳ ᠪᠠᠰᠠ ᠬᠠᠷᠢᠯᠴᠠᠨ ᠦᠢᠯᠡᠳᠦᠯᠴᠡᠬᠦ ᠬᠡᠯᠪᠡᠷᠢ ᠪᠠᠷ ᠪᠠᠶᠢᠩᠭᠤ ᠬᠡᠷᠡᠭᠯᠡᠭᠳᠡᠬᠦ ᠦᠭᠡᠰ ᠤᠨ ᠪᠠᠷᠢᠮᠵᠢᠶ᠎ᠠ ᠳᠠᠭᠤᠳᠠᠯᠭ᠎ᠠ ᠶᠢ ᠣᠯᠠᠨ ᠳᠤ ᠲᠠᠶᠢᠯᠪᠤᠷᠢᠯᠠᠨ ᠦᠭᠴᠡᠢ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ ᠡᠪᠦᠭᠡ᠄ ︽ᠨᠡᠶᠢᠲᠡᠯᠢᠭ ᠬᠡᠯᠡ ᠶᠢ ᠰᠠᠶᠢᠨ ᠰᠤᠷᠬᠤ ᠪᠣᠯ ᠤᠳᠠᠭᠠᠨ ᠡᠳᠦᠷ ᠵᠤᠵᠠᠭᠠᠨ ᠬᠤᠨᠤᠭ ᠢ ᠥᠩᠭᠡᠷᠡᠭᠡᠬᠦ ᠶᠠᠪᠤᠴᠠ ᠮᠥᠨ᠂ ᠭᠡᠷ ᠲᠡᠭᠡᠨ ᠬᠠᠷᠢᠪᠠᠯ ᠪᠢ ᠪᠣᠯᠪᠠᠰᠤᠷᠠᠯ ᠢᠶᠠᠨ ᠴᠢᠩᠭᠠᠳᠬᠠᠬᠤ ᠪᠣᠯᠣᠨ᠎ᠠ︾ ᠭᠡᠵᠦ  ᠪᠠᠶᠢᠯ᠎ᠠ᠃ ᠲᠤᠬᠠᠢ ᠶᠢᠨ ᠲᠠᠯᠠᠪᠤᠷ ᠲᠤ ᠪᠠᠶᠢᠭᠰᠠᠨ ᠮᠠᠰᠢ ᠤᠯᠠᠨ ᠰᠠᠭᠤᠭᠠᠯᠢ ᠠᠷᠠᠳ ᠴᠤ ᠠᠵᠢᠯᠯᠠᠭ᠎ᠠ ᠬᠢᠭᠰᠡᠨ ᠤ ᠪᠠᠨ ᠲᠠᠷᠠᠭ᠎ᠠ ᠬᠤᠶᠢᠰᠢᠳᠠ ᠨᠡᠶᠢᠲᠡᠯᠢᠭ ᠬᠡᠯᠡ ᠪᠠᠷ ᠶᠠᠷᠢᠬᠤ᠂ ᠨᠡᠶᠢᠲᠡᠯᠢᠭ ᠬᠡᠯᠡ ᠪᠠᠷ ᠰᠠᠶᠢᠬᠠᠨ ᠶᠠᠷᠢᠬᠤ ᠶᠢ ᠪᠠᠷᠢᠮᠲᠠᠯᠠᠵᠤ᠂ ︽ᠨᠡᠶᠢᠲᠡᠯᠢᠭ ᠬᠡᠯᠡ ᠪᠠᠷ ᠶᠠᠷᠢᠬᠤ᠂ ᠪᠣᠯᠪᠠᠰᠤᠨ ᠬᠡᠯᠡ ᠪᠠᠷ ᠶᠠᠷᠢᠬᠤ ︾ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠠᠷ ᠪᠤᠢ ᠪᠣᠯᠭᠠᠨ᠎ᠠ ᠭᠡᠵᠦ ᠢᠯᠡᠷᠬᠡᠶᠢᠯᠡᠭᠰᠡᠨ ᠪᠠᠶᠢᠨ᠎ᠠ᠃
     ᠡᠨᠡ ᠤᠳᠠᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠦᠭᠡ ᠬᠡᠯᠡᠨ ᠤ ᠳᠦᠷᠢᠮᠵᠢᠯ ᠤᠨ ᠤᠬᠠᠮᠰᠠᠷ ᠪᠣᠯᠣᠨ ᠡᠩ ᠤᠨ ᠬᠥᠮᠥᠰ ᠢ ᠣᠷᠣᠯᠴᠠᠭᠤᠯᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠪᠢ ᠬᠥᠮᠥᠨ ᠤ ᠤᠶᠤᠨ ᠤ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠦᠭᠰᠡᠨ ᠪᠥᠭᠡᠳ ᠵᠢᠷᠤᠮᠵᠢᠯ ᠪᠣᠯᠣᠨ ᠡᠶ᠎ᠡ ᠵᠣᠬᠢᠴᠠᠩᠭᠤᠢ ᠠᠴᠠ ᠪᠣᠯᠤᠭᠰᠠᠨ ᠰᠠᠶᠢᠨ ᠰᠠᠶᠢᠬᠠᠨ ᠪᠦᠬᠦᠨ ᠢ ᠤᠯᠠᠨ ᠳᠤ ᠣᠶᠢᠯᠠᠭᠠᠭᠤᠯᠤᠭᠰᠠᠨ ᠪᠠᠶᠢᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1