ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠦᠬᠦ ᠰᠢᠶᠠᠨ ᠤ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠠᠵᠢᠯ ᠤᠨ ᠪᠠᠶᠢᠳᠠᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/9/14
      ᠡᠨᠡ ᠵᠢᠯ ᠪᠣᠯ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠦᠪᠵᠢᠭᠦᠯᠭᠡ ᠪᠠ ᠰᠢᠢᠳᠪᠦᠷᠢ ᠶᠢ ᠬᠡᠷᠡᠭᠵᠢᠭᠦᠯᠬᠦ ᠳᠤᠮᠳᠠ ᠬᠤᠭᠤᠴᠠᠭᠠᠨ ᠤ ᠵᠢᠯ ᠮᠥᠨ᠂ ᠮᠠᠨ ᠤ ᠰᠢᠶᠠᠨ ᠤ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠬᠡᠷᠡᠭᠵᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠦᠨᠡᠯᠡᠬᠦ ᠶᠢᠨ ᠲᠥᠯᠥᠭᠡ᠂ ᠣᠷᠴᠢᠮᠬᠠᠨ ᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠦᠪᠵᠢᠭᠦᠯᠭᠡ ᠶᠢᠨ ᠳᠤᠮᠳᠠ ᠬᠤᠭᠤᠴᠠᠭᠠᠨ ᠤ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠲᠣᠭᠲᠠᠬᠤ ᠰᠢᠶᠠᠨ ᠤ ᠰᠣᠶᠣᠯ ᠤᠨ ᠲᠠᠯᠠᠪᠠᠶ ᠶᠢᠨ ᠬᠠᠤᠯᠢ ᠪᠠᠷ ᠵᠠᠰᠠᠬᠤ ᠰᠣᠶᠣᠯ ᠤᠨ ᠣᠷᠳᠣ ᠬᠤᠩᠭᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠠᠶᠢᠯᠪᠤᠷᠢᠯᠠᠬᠤ ᠠᠵᠢᠯᠲᠠᠨ ᠤ ᠬᠠᠤᠯᠢ ᠪᠠᠷ ᠵᠠᠰᠠᠬᠤ ᠰᠣᠶᠣᠯ ᠤᠨ ᠲᠠᠯᠠᠪᠠᠶ ᠶᠢᠨ ᠪᠦᠬᠦᠶᠢᠯᠡ ᠲᠣᠶᠢᠮᠣ ᠪᠠᠶᠢᠳᠠᠯ᠂ ᠦᠵᠡᠭᠦᠯᠦᠯᠭᠡ ᠶᠢᠨ ᠰᠠᠮᠪᠠᠷ᠎ᠠ ᠶᠢᠨ ᠠᠭᠤᠯᠭ᠎ᠠ ᠶᠢᠨ ᠪᠠᠶᠢᠷᠢᠯᠠᠭᠤᠯᠤᠯᠲᠠ ᠶᠢᠨ ᠲᠤᠬᠠᠢ ᠨᠠᠷᠢᠨ ᠲᠠᠨᠢᠯᠴᠠᠭᠤᠯᠭ᠎ᠠ ᠶᠢ ᠰᠣᠨᠣᠰᠴᠤ᠂ ᠵᠠᠰᠠᠵᠤ ᠰᠢᠨᠡᠳᠬᠡᠭᠰᠡᠨ ᠪᠠᠶᠢᠳᠠᠯ ᠢ ᠭᠦᠨᠵᠡᠭᠡᠢ ᠠᠰᠠᠭᠤᠨ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠪᠣᠯ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠬᠤ ᠴᠢᠬᠤᠯᠠ ᠠᠴᠢᠶᠠᠯᠠᠪᠤᠷᠢ ᠮᠥᠨ ᠂ ︽ᠬᠠᠤᠯᠢ ᠪᠠᠷ ᠵᠠᠰᠠᠬᠤ︾ ᠭᠤᠣᠯ ᠰᠡᠳᠦᠪ ᠪᠠ ᠠᠭᠤᠯᠤᠭᠳᠠᠬᠤᠨ ᠢ ᠲᠣᠪᠤᠶᠢᠯᠭᠠᠨ᠂ ︽ᠬᠠᠤᠯᠢ ᠪᠠᠷ ᠵᠠᠰᠠᠬᠤ︾ ᠶᠢᠨ ᠲᠣᠭᠤᠷᠢᠨ ᠳᠤ ᠰᠣᠶᠣᠯ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ᠂ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠲᠦᠬᠦᠮ ᠣᠶᠢᠯᠠᠭᠠᠮᠵᠢᠲᠠᠢ᠂ ᠵᠢᠷᠤᠭ ᠪᠢᠴᠢᠭ ᠢ ᠬᠤᠣᠰᠯᠠᠭᠤᠯᠬᠤ ᠬᠡᠯᠪᠡᠷᠢ ᠪᠠᠷ ᠬᠠᠤᠯᠢ ᠴᠠᠭᠠᠵᠠ ᠶᠢᠨ ᠵᠦᠢᠯ ᠵᠤᠷᠪᠤᠰ᠂ ᠲᠦᠷᠦ ᠶᠢᠨ ᠪᠣᠳᠣᠯᠭ᠎ᠠ ᠶᠢᠨ ᠶᠡᠷᠦ ᠶᠢᠨ ᠮᠡᠳᠡᠯᠭᠡ ᠶᠢ ᠢᠯᠡᠷᠡᠭᠦᠯᠵᠦ᠂ ᠤᠯᠠᠨ ᠲᠦᠮᠡᠨ ᠳᠤ ᠬᠠᠤᠯᠢ ᠴᠠᠭᠠᠵᠠ ᠶᠢᠨ ᠮᠡᠳᠡᠯᠭᠡ ᠶᠢ ᠣᠶᠢᠷ᠎ᠠ ᠵᠠᠢ ᠠᠴᠠ ᠰᠤᠷᠤᠯᠴᠠᠭᠤᠯᠵᠤ᠂ ᠬᠠᠤᠯᠢ ᠪᠠᠷ ᠵᠠᠰᠠᠬᠤ ᠠᠭᠤᠷ ᠠᠮᠢᠰᠬᠤᠯ ᠢ ᠮᠡᠳᠡᠷᠡᠭᠦᠯᠬᠦ ᠬᠡᠷᠡᠭᠲᠡᠢ᠃ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ ᠲᠡᠭᠦᠨ ᠤ ᠣᠯᠠᠨ ᠶᠠᠩᠵᠤ ᠶᠢᠨ᠂ ᠳᠥᠭᠦᠮ ᠳᠥᠲᠡ ᠶᠢᠨ᠂ ᠦᠢᠯᠡᠳᠦᠯᠴᠡᠯ ᠤᠨ᠂ ᠦᠢᠯᠡᠴᠢᠯᠡᠭᠡᠨ ᠤ᠂ ᠰᠢᠨ᠎ᠡ ᠶᠢ ᠡᠭᠦᠳᠬᠦ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠦᠢᠯᠡᠳᠦᠯ ᠢ ᠦᠨᠡᠨᠬᠦ ᠪᠠᠳᠠᠷᠠᠭᠤᠯᠵᠤ᠂ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠴᠠᠭ ᠦᠶ᠎ᠡ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠰᠢᠨ᠎ᠡ ᠱᠠᠭᠠᠷᠳᠠᠯᠭ᠎ᠠ ᠶᠢ ᠲᠠᠰᠤᠷᠠᠯᠳᠠ ᠦᠭᠡᠢ ᠬᠠᠩᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠦᠷᠬᠦᠴᠡ ᠶᠢ ᠲᠠᠰᠤᠷᠠᠯᠳᠠ ᠦᠭᠡᠢ ᠤᠷᠲᠤᠳᠬᠠᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠠᠤᠯᠢ ᠪᠠᠷ ᠵᠠᠰᠠᠬᠤ ᠰᠣᠶᠣᠯ ᠤᠨ ︽ᠵᠥᠭᠡᠯᠡᠨ ᠪᠣᠳᠠᠲᠤ ᠬᠦᠴᠦᠨ︾ ᠢ ᠨᠡᠶᠢᠭᠡᠮ ᠤᠨ ᠵᠠᠰᠠᠯᠲᠠ ᠶᠢᠨ ︽ᠬᠠᠲᠠᠭᠤ ᠲᠤᠯᠭᠠᠭᠤᠷᠢᠯᠠᠯ︾ ᠪᠣᠯᠭᠠᠬᠤ ᠬᠡᠷᠡᠭᠲᠡᠢ ᠭᠡᠵᠡᠢ᠃      ᠳᠠᠷᠠᠭ᠎ᠠ ᠨᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠦᠱᠧᠨ ᠬᠠᠤᠯᠢ ᠴᠠᠭᠠᠵᠠ ᠶᠢᠨ ᠭᠠᠵᠠᠷ ᠲᠤ ᠬᠦᠷᠴᠦ᠂ ᠦᠱᠧᠨ ᠬᠠᠤᠯᠢ ᠴᠠᠭᠠᠵᠠ ᠶᠢᠨ ᠭᠠᠵᠠᠷ ᠤᠨ ᠬᠠᠷᠢᠭᠤᠴᠠᠯᠭᠠᠲᠠᠨ ᠤ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ︽ᠬᠤᠶᠠᠷ ᠭᠠᠵᠠᠷ︾ ᠢ ᠬᠠᠮᠲᠤ ᠪᠠᠷ ᠪᠠᠶᠢᠭᠤᠯᠬᠤ ᠂ ︽ᠳᠥᠷᠪᠡᠨ ᠭᠠᠵᠠᠷ ᠨᠢᠭᠡ ᠲᠢᠩᠬᠢᠮ︾᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ᠂ ᠭᠤᠣᠯᠳᠠᠯᠭ᠎ᠠ ᠲᠠᠢ ᠬᠥᠮᠥᠰ ᠢ ᠬᠠᠮᠢᠶᠠᠷᠤᠨ ᠡᠵᠡᠮᠳᠡᠬᠦ ᠵᠡᠷᠭᠡ ᠠᠵᠢᠯ ᠤᠨ ᠲᠤᠬᠠᠢ ᠲᠣᠪᠴᠢ ᠲᠠᠨᠢᠯᠴᠠᠭᠤᠯᠭ᠎ᠠ ᠶᠢ ᠰᠣᠨᠣᠰᠴᠤ᠂ ᠡᠭᠦᠨ ᠤ ᠬᠠᠮᠲᠤ ᠬᠠᠤᠯᠢ ᠴᠠᠭᠠᠵᠠ ᠶᠢᠨ ᠭᠠᠵᠠᠷ ᠤᠨ ᠰᠠᠭᠤᠷᠢ ᠲᠥᠬᠦᠭᠡᠷᠦᠮᠵᠢ᠂ ᠠᠵᠢᠯ ᠤᠨ ᠪᠠᠶᠢᠷᠢ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ᠂ ᠬᠠᠤᠯᠢ ᠪᠠᠷ ᠵᠠᠰᠠᠬᠤ ᠤᠬᠠᠭᠤᠯᠭ᠎ᠠ᠂ ᠠᠷᠠᠳ ᠤᠨ ᠡᠶᠡᠳᠡᠭᠦᠯᠭᠡ ᠵᠡᠷᠭᠡ ᠠᠵᠢᠯ ᠳᠤ ᠦᠨᠡᠯᠡᠯᠲᠡ ᠬᠢᠭᠰᠡᠨ ᠤ ᠬᠠᠮᠲᠤ ᠡᠳᠦᠷ ᠲᠤᠳᠤᠮ ᠤᠨ ᠠᠵᠢᠯ ᠢ ᠥᠷᠨᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠠᠤᠯᠢ ᠴᠠᠭᠠᠵᠠ ᠶᠢᠨ ᠭᠠᠵᠠᠷ ᠪᠣᠯ ᠠᠷᠠᠳ ᠤᠨ ᠡᠶᠡᠳᠡᠭᠦᠯᠭᠡ᠂ ᠨᠡᠶᠢᠭᠡᠮ ᠤᠨ ᠵᠠᠯᠠᠷᠠᠭᠤᠯᠭ᠎ᠠ ᠠᠮᠤᠷ ᠲᠦᠪᠰᠢᠨ ᠤ ᠪᠦᠯᠦᠭᠯᠡᠯ᠂ ᠬᠠᠤᠯᠢ ᠪᠠᠷ ᠵᠠᠰᠠᠬᠤ ᠤᠬᠠᠭᠤᠯᠭ᠎ᠠ ᠵᠡᠷᠭᠡ ᠲᠤᠰᠢᠶᠠᠯ ᠬᠠᠷᠢᠭᠤᠴᠠᠯᠭ᠎ᠠ ᠶᠢᠨ ᠡᠭᠦᠷᠭᠡ ᠶᠢ ᠡᠭᠦᠷᠭᠡᠯᠡᠵᠦ ᠪᠠᠶᠢᠳᠠᠭ᠂ ᠲᠡᠷᠡ ᠪᠣᠯ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ ᠬᠦᠴᠦᠨ ᠮᠥᠨ᠂ ᠪᠦᠬᠦ ᠠᠵᠢᠯᠲᠠᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠭᠠᠵᠠᠷ ᠤᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠨᠢᠭᠡᠳᠦᠭᠡᠷ ᠹᠷᠣᠨᠲ ᠪᠣᠯᠬᠤ ᠡᠭᠦᠷᠭᠡ ᠴᠢᠳᠠᠪᠤᠷᠢ ᠶᠢᠨ ᠦᠢᠯᠡᠳᠦᠯ ᠢ ᠲᠤᠪᠤᠶᠢᠯᠭᠠᠵᠤ ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠡᠮᠦᠨ᠎ᠡ ᠡᠩᠨᠡᠭᠡᠨ ᠳᠤ ᠶᠠᠪᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠬᠦᠴᠦᠯᠡᠨ ᠴᠢᠩᠭᠠᠳᠬᠠᠵᠤ᠂ ᠲᠤᠰᠬᠠᠢ ᠲᠤᠰᠢᠶᠠᠯᠲᠤ ᠠᠷᠠᠳ ᠤᠨ ᠡᠶᠡᠳᠡᠭᠦᠯᠦᠭᠴᠢ ᠶᠢᠨ ᠡᠩᠨᠡᠭᠡᠨ ᠤ ᠪᠠᠶᠢᠭᠤᠯᠤᠯᠲᠠ ᠶᠢ ᠲᠦᠷᠭᠡᠳᠬᠡᠵᠦ᠂ ᠠᠷᠠᠳ ᠤᠨ ᠡᠶᠡᠳᠡᠭᠦᠯᠭᠡ ᠶᠢᠨ ᠠᠵᠢᠯ ᠤᠨ ᠲᠤᠰᠬᠠᠶᠢᠵᠢᠭᠰᠠᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠲᠦᠷᠦᠯ ᠤᠨ ᠵᠥᠷᠢᠴᠡᠯ ᠢ ᠡᠷᠲᠡ ᠢᠯᠡᠷᠡᠭᠦᠯᠬᠦ᠂ ᠡᠷᠲᠡ ᠠᠷᠢᠯᠭᠠᠬᠤ᠂ ᠡᠷᠲᠡ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠤᠯᠢ ᠴᠠᠭᠠᠵᠠ ᠶᠢᠨ ᠭᠠᠵᠠᠷ ᠤᠨ ᠠᠵᠢᠯ ᠢ ᠨᠤᠲᠠᠯᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠬᠦ ᠪᠣᠯ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠰᠠᠭᠤᠷᠢ ᠶᠢ ᠪᠠᠲᠤᠳᠬᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠪᠦᠬᠦ ᠶᠠᠪᠤᠴᠠ ᠪᠠ ᠡᠯ᠎ᠡ ᠲᠠᠯ᠎ᠠ ᠳᠤ ᠦᠨᠡᠨ ᠬᠦ ᠨᠠᠶᠢᠳᠠᠪᠤᠷᠢᠵᠢᠭᠤᠯᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠴᠢᠩᠭᠠᠷᠠᠭᠤᠯᠤᠨ᠂ ᠲᠣᠭᠲᠠᠴᠠ ᠶᠢ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠭᠤᠣᠯᠳᠠᠯᠭ᠎ᠠ ᠲᠠᠢ ᠠᠭᠤᠯᠭ᠎ᠠ᠂ ᠭᠤᠣᠯᠳᠠᠯᠭ᠎ᠠ ᠲᠠᠢ ᠳ᠋ᠦᠢᠰᠢᠶᠠᠩ᠂ ᠭᠤᠣᠯᠳᠠᠯᠭ᠎ᠠ ᠲᠠᠢ ᠠᠵᠢᠯᠯᠠᠭ᠎ᠠ ᠶᠢ ᠲᠣᠪᠤᠶᠢᠯᠭᠠᠨ ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠷ ᠲᠦᠯᠬᠢᠨ ᠠᠬᠢᠭᠤᠯᠵᠤ᠂ ᠨᠠᠢᠮᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1