ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠫᠢᠩ ᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠡᠶᠢᠲᠡᠯᠢᠭ ᠬᠡᠯᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/15
      ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ ᠂ ᠳᠤᠮᠳᠠᠳᠤ ᠶᠢᠨ ᠰᠢᠯᠢᠳᠡᠭ ᠦᠭᠡ ᠬᠡᠯᠡ ᠰᠣᠶᠣᠯ ᠢ ᠤᠯᠠᠮᠵᠢᠯᠠᠨ ᠪᠠᠳᠠᠷᠠᠭᠤᠯᠵᠤ᠂ ᠬᠠᠷᠢᠶ᠎ᠠ ᠣᠷᠣᠨ ᠳᠠᠭᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠤᠷᠤᠯᠴᠠᠵᠤ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠡᠶᠢᠲᠡᠯᠢᠭ ᠬᠡᠯᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠱᠤᠸᠠᠩ ᠾᠧ ᠪᠠᠯᠭᠠᠰᠤᠨ ᠤ ᠫᠢᠩ ᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠡᠶᠢᠲᠡᠯᠢᠭ ᠬᠡᠯᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠳᠤᠮᠳᠠ ᠠᠵᠢᠯᠲᠠᠳ ᠨᠡᠶᠢᠲᠡᠯᠢᠭ ᠬᠡᠯᠡᠨ ᠤ ᠤᠳᠬ᠎ᠠ ᠠᠭᠤᠯᠭ᠎ᠠ ᠶᠢ ᠣᠯᠠᠨ ᠲᠦᠮᠡᠨ ᠳᠤ ᠲᠠᠨᠢᠯᠴᠠᠭᠤᠯᠵᠤ᠂ ᠨᠡᠶᠢᠲᠡᠯᠢᠭ ᠬᠡᠯᠡᠨ ᠤ ᠴᠢᠬᠤᠯᠠ ᠴᠢᠨᠠᠷ ᠢ ᠶᠠᠷᠢᠵᠤ ᠥᠭᠴᠡᠢ᠃ ᠲᠣᠰ ᠤᠳᠠᠭᠠᠨ ᠤ ᠠᠵᠢᠯᠯᠠᠭ᠎ᠠ ᠳᠤ ᠲᠤᠬᠠᠢ ᠶᠢᠨ ᠲᠠᠯᠠᠪᠤᠷ ᠲᠤ ᠬᠠᠷᠢᠯᠴᠠᠨ ᠬᠥᠳᠡᠯᠦᠯᠴᠡᠬᠦ + ᠲᠥᠪᠯᠡᠷᠡᠭᠦᠯᠦᠨ ᠰᠤᠷᠤᠯᠴᠠᠬᠤ ᠠᠷᠭ᠎ᠠ ᠮᠠᠶ᠋ᠢᠭ ᠢ ᠬᠡᠷᠡᠭᠯᠡᠵᠡᠢ᠃ ᠡᠭᠦᠨ ᠤ ᠵᠡᠷᠭᠡᠴᠡᠭᠡᠪᠡᠷ᠂ ᠨᠡᠶᠢᠭᠡᠮ ᠲᠣᠭᠤᠷᠢᠭ ᠤᠨ ᠠᠵᠢᠯᠲᠠᠳ ᠪᠠᠰᠠ ᠨᠡᠶᠢᠲᠡᠯᠢᠭ ᠬᠡᠯᠡ ᠶᠢ ᠰᠠᠶᠢᠲᠤᠷ ᠰᠤᠷᠴᠤ ᠰᠠᠶᠢᠲᠤᠷ ᠬᠡᠷᠡᠭᠯᠡᠵᠦ᠂ ᠥᠪᠡᠷ ᠤᠨ ᠰᠣᠯᠢᠯᠴᠠᠭᠠᠨ ᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶᠢᠲᠡᠯᠢᠭ ᠬᠡᠯᠡ ᠪᠠᠷ ᠰᠤᠷᠤᠯᠴᠠᠨ ᠦᠢᠯᠡᠳᠦᠯᠭᠡᠵᠢᠭᠦᠯᠵᠦ᠂ ᠨᠡᠶᠢᠲᠡᠯᠢᠭ ᠬᠡᠯᠡ ᠪᠠᠷ ᠨᠡᠶᠢᠭᠡᠮ ᠳᠤ ᠠᠭᠤᠰᠬᠠᠨ ᠣᠷᠣᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠠᠷᠢᠶ᠎ᠠ ᠣᠷᠣᠨ ᠤ ᠤᠯᠠᠨ ᠲᠦᠮᠡᠨ ᠵᠢᠴᠢ ᠨᠡᠶᠢᠭᠡᠮ ᠲᠣᠭᠤᠷᠢᠭ ᠤᠨ ᠠᠵᠢᠯᠲᠠᠨ ᠠᠵᠢᠯᠴᠢᠨ ᠤ ᠦᠭᠡ ᠬᠡᠯᠡ ᠦᠰᠦᠭ ᠪᠢᠴᠢᠭ ᠤᠨ ᠳᠦᠷᠢᠮᠵᠢᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠤᠨ ᠨᠡᠶᠢᠲᠡᠯᠢᠭ ᠬᠡᠯᠡ ᠶᠢ ᠰᠠᠶᠢᠨ ᠰᠤᠷᠬᠤ ᠴᠢᠳᠠᠪᠤᠷᠢ ᠶᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠫᠢᠩ ᠠᠨ ᠨᠡᠶᠢᠭᠡᠮ ᠲᠣᠭᠤᠷᠢᠭ ᠤᠨ ᠬᠢᠨ ᠪᠦᠬᠦ ᠠᠷᠠᠳ ᠤᠨ ᠨᠡᠶᠢᠲᠡᠯᠢᠭ ᠬᠡᠯᠡ ᠶᠢ ᠦᠷᠭᠦᠯᠵᠢᠯᠡᠨ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠦᠭᠡ ᠬᠡᠯᠡᠨ ᠤ ᠬᠡᠷᠡᠭᠯᠡᠭᠡᠨ ᠤ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1