ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠰᠦᠭ ᠰᠦᠨᠡᠰᠦ ᠶᠢ ᠨᠢ ᠱᠤᠭᠤᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠶ᠎ᠠ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/9/15
      ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ  ᠰᠤᠷᠤᠯᠴᠠᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ ᠣᠶᠢᠷ᠎ᠠ ᠳᠤ᠂ ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠰᠦᠭ ᠰᠦᠨᠡᠰᠦ ᠶᠢ ᠱᠤᠭᠤᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠶ᠎ᠠ︾ ᠭᠡᠬᠦ ᠭᠤᠣᠯ ᠰᠡᠳᠦᠪ ᠢᠶᠠᠷ ᠥᠪᠥᠷ ᠮᠣᠩᠭᠤᠯ ᠤᠨ ᠱᠧᠩ ᠾᠧ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ︽ᠡᠮᠡᠭᠲᠡᠶᠢᠴᠦᠳ ᠤᠨ ᠭᠡᠷ︾᠂ ︽ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠰᠠᠭᠤᠷᠢᠨ ᠭᠠᠵᠠᠷ︾ ᠤᠨ ᠫᠠᠶᠢᠰᠠ ᠡᠯᠭᠦᠬᠦ ᠶᠣᠰᠣᠯᠠᠯ ᠶᠠᠪᠤᠭᠤᠯᠪᠠ᠃
     ᠥᠪᠥᠷ ᠮᠣᠩᠭᠤᠯ ᠤᠨ ᠱᠧᠩ ᠾᠧ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠤᠯᠤᠨ᠎ᠠ᠂ ᠲᠡᠭᠦᠨ ᠤ ᠬᠡᠷᠡᠭ ᠮᠡᠳᠡᠭᠴᠢᠳ ᠤᠨ ᠳᠠᠷᠤᠭ᠎ᠠ ᠵᠠᠩ ᠶᠤᠸᠠᠢ ᠧ ᠬᠥᠬᠡᠬᠤᠲᠠ ᠶᠢᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ︾ ᠳᠤ ︽ᠭᠠᠪᠢᠶ᠎ᠠ ᠪᠠᠶᠢᠭᠤᠯᠤᠭᠰᠠᠨ ᠡᠮᠡᠭᠲᠡᠶᠢᠴᠦᠳ ᠤᠨ ᠲᠡᠷᠢᠭᠦᠨ ᠤ ᠬᠤᠪᠢ ᠬᠥᠮᠥᠨ︾ ᠢ ᠢᠷᠠᠭᠤ ᠠᠯᠳᠠᠷ ᠭᠥᠷᠳᠡᠵᠦ᠂ ᠲᠡᠭᠦᠨ ᠤ ᠳᠠᠭᠠᠭᠤᠯᠭ᠎ᠠ ᠳᠣᠣᠷ᠎ᠠ᠂ ᠥᠪᠥᠷ ᠮᠣᠩᠭᠤᠯ ᠤᠨ ᠱᠧᠩ ᠾᠧ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠤᠬᠠᠢ ᠶᠢᠨ ᠭᠠᠵᠠᠷ ᠤᠨ 200 ᠰᠢᠬᠠᠮ ᠬᠥᠮᠥᠨ ᠤᠳᠠᠭ᠎ᠠ ᠶᠢᠨ ᠠᠵᠢᠯ ᠣᠯᠭᠤᠯᠲᠠ ᠶᠢ ᠰᠢᠢᠳᠪᠦᠷᠢᠯᠡᠵᠦ᠂ ᠳᠤᠮᠳᠠᠴᠢ ᠪᠠᠷ ᠡᠳᠦᠷ ᠪᠦᠷᠢ ᠶᠢᠨ ᠬᠥᠮᠥᠨ ᠪᠦᠷᠢ ᠶᠢᠨ ᠴᠠᠯᠢᠩ 130 ᠲᠥᠭᠦᠷᠢᠭ ᠲᠤ ᠬᠦᠷᠴᠦ᠂ ᠭᠤᠷᠪᠠᠨ ᠰᠠᠷ᠎ᠠ ᠶᠢᠨ ᠬᠤᠭᠤᠴᠠᠭᠠᠨ ᠳᠤ ᠲᠤᠬᠠᠢ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢ 67 ᠭᠠᠷᠤᠢ ᠲᠦᠮᠡᠨ ᠲᠥᠭᠦᠷᠢᠭ ᠨᠡᠮᠡᠭᠳᠡᠭᠦᠯᠵᠦ᠂ ᠡᠷᠬᠢᠨ ᠲᠣᠭᠤᠷᠢᠨ ᠤ 500 ᠭᠠᠷᠤᠢ ᠲᠠᠷᠢᠶᠠᠴᠢᠨ ᠡᠷᠦᠬᠡ ᠶᠢ ᠰᠢᠭᠤᠳ ᠲᠠᠶᠢᠴᠢᠯᠠᠨ ᠠᠵᠢᠯ ᠣᠯᠭᠤᠵᠤ᠂ ᠡᠷᠦᠬᠡ ᠪᠦᠷᠢ ᠶᠢᠨ ᠵᠢᠯ ᠤᠨ ᠣᠷᠣᠯᠭ᠎ᠠ ᠶᠢ 3 ᠲᠦᠮᠡᠨ ᠲᠥᠭᠦᠷᠢᠭ ᠨᠡᠮᠡᠭᠳᠡᠭᠦᠯᠵᠦ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠭᠰᠠᠨ ᠪᠠᠶᠢᠨ᠎ᠠ᠃      ᠠᠵᠢᠯᠯᠠᠭ᠎ᠠ ᠶᠢᠨ ᠳᠤᠮᠳᠠ᠂ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ᠂ ᠡᠮᠡᠭᠲᠡᠢ ᠰᠠᠶᠢᠨ ᠳᠤᠷ᠎ᠠ ᠶᠢᠨ ᠦᠢᠯᠡᠴᠢᠯᠡᠭᠴᠢᠳ ᠦᠢᠯᠡᠳᠪᠦᠷᠢ ᠳᠤ ᠣᠷᠣᠵᠤ᠂ ᠤᠯᠠᠨ ᠲᠠᠢ ᠬᠠᠮᠲᠤ ᠰᠠᠭᠤᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠵᠤ᠂ ︽ᠠᠷᠠᠳ ᠤᠨ ᠭᠡᠷ ᠲᠤ ᠣᠴᠢᠭᠰᠠᠨ ᠨᠢ︾᠂ ︽ᠡᠮᠡᠭᠲᠡᠶᠢᠴᠦᠳ ᠤᠨ ᠪᠠ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠤᠨ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠶᠢ ᠭᠤᠣᠯᠳᠠᠯᠭ᠎ᠠ ᠲᠠᠢ ᠪᠠᠷ ᠰᠤᠷᠤᠯᠴᠠᠵᠤ᠂ ᠥᠷᠭᠡᠨ ᠤᠯᠠᠨ ᠡᠮᠡᠭᠲᠡᠶᠢᠴᠦᠳ ᠢ ᠲᠠᠶᠢᠴᠢᠯᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠢᠯᠡᠳᠪᠦᠷᠢᠯᠡᠯ ᠢᠶᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠬᠦᠰᠡᠯ ᠢ ᠬᠠᠮᠲᠤ ᠪᠠᠷ ᠪᠡᠶᠡᠯᠡᠭᠦᠯᠵᠡᠢ᠃      ︽ᠡᠮᠡᠭᠲᠡᠶᠢᠴᠦᠳ ᠤᠨ ᠭᠡᠷ︾ ︽ᠡᠮᠡᠭᠲᠡᠶᠢᠴᠦᠳ ᠤᠨ ᠦᠢᠯᠡᠰ ᠪᠣᠰᠬᠠᠬᠤ ᠠᠵᠢᠯ ᠣᠯᠭᠤᠯᠲᠠ ᠶᠢᠨ ᠰᠠᠭᠤᠷᠢᠨ︾ ᠪᠠᠶᠢᠭᠤᠯᠤᠭᠳᠠᠭᠰᠠᠨ ᠨᠢ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠬᠠᠶᠢᠨ ᠰᠦᠪᠡᠭᠴᠢᠯᠡᠬᠦ ᠰᠢᠨ᠎ᠡ ᠬᠡᠪ ᠵᠠᠭᠪᠤᠷ ᠪᠣᠯᠬᠤ ᠪᠠᠷ ᠪᠠᠷᠠᠬᠤ ᠦᠭᠡᠢ ᠪᠠᠰᠠ ᠦᠵᠡᠯ ᠰᠠᠨᠠᠭᠠᠨ ᠤ ᠵᠢᠯᠣᠭᠤᠳᠤᠯᠭ᠎ᠠ ᠶᠢ ᠴᠢᠩᠭᠠᠳᠬᠠᠬᠤ᠂ ᠡᠮᠡᠭᠲᠡᠶᠢᠴᠦᠳ ᠤᠨ ᠬᠠᠷᠢᠯᠴᠠᠭ᠎ᠠ ᠶᠢ ᠴᠢᠩᠭᠠᠳᠬᠠᠬᠤ ᠴᠢᠬᠤᠯᠠ ᠵᠢᠭᠰᠠᠭᠠᠯ ᠤᠨ ᠭᠠᠵᠠᠷ ᠪᠣᠯᠣᠨ᠎ᠠ᠃      ᠳᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠰᠢᠨ᠎ᠡ ᠴᠠᠭ ᠦᠶ᠎ᠡ ᠶᠢᠨ ᠬᠤᠶᠠᠷ ᠰᠢᠨ᠎ᠡ ᠵᠣᠬᠢᠶᠠᠨ ᠪᠠᠶᠢᠭᠤᠯᠤᠯᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠢᠳᠡᠪᠬᠢᠲᠡᠢ ᠪᠠᠶᠢᠭᠤᠯᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠡᠮᠡᠭᠲᠡᠶᠢᠴᠦᠳ ᠤᠯᠠᠨ ᠲᠦᠮᠡᠨ ᠤ ᠳᠤᠮᠳᠠᠬᠢ ᠨᠥᠯᠥᠭᠡᠯᠡᠬᠦ ᠬᠦᠴᠦᠨ ᠪᠠ ᠨᠢᠭᠲᠠᠷᠠᠭᠤᠯᠬᠤ ᠬᠦᠴᠦᠨ ᠢ ᠴᠢᠩᠭᠠᠳᠬᠠᠵᠤ᠂ ᠡᠮᠡᠭᠲᠡᠶᠢᠴᠦᠳ ᠤᠨ ᠢᠳᠡᠪᠬᠢᠵᠢᠯ ᠪᠠ ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠨ ᠲᠠᠶᠢᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ︕ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1