ᠲᠣᠭᠲᠠᠬᠤ ᠰᠢᠶᠠᠨ᠄ ᠭᠠᠶᠢᠯᠢ ᠶᠢᠨ ᠶᠠᠪᠤᠳᠠᠯ ᠤᠨ ᠺᠠᠳ᠋ᠷ‌‍ᠲ᠋ᠠᠷᠢᠶᠠᠴᠢᠳ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠡᠢ
ᠨᠡᠶᠢᠲᠡᠯᠡᠭᠰᠡᠨ ᠴᠠᠭ᠄
2023/9/18
      ᠲᠦᠷᠦᠭᠦᠬᠡᠨ᠂ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤ᠂ ᠱᠤᠸᠠᠩ ᠾᠧ ᠪᠠᠯᠭᠠᠰᠤ᠂ ᠨᠤᠭᠤ ᠭᠠᠵᠠᠷ ᠤᠨ ᠬᠠᠮᠢᠶᠠᠷᠤᠯᠲᠠ ᠶᠢᠨ ᠵᠥᠪᠯᠡᠯ ᠵᠡᠷᠭᠡ ᠤᠯᠠᠭᠠᠨ ᠯᠠᠵᠤᠤ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ᠂ ᠢ ᠯᠢᠦ ᠸᠠᠨ ᠤ ᠤᠯᠠᠭᠠᠨ ᠯᠠᠵᠤᠤ ᠶᠢᠨ ᠲᠤᠰᠬᠠᠢ ᠬᠤᠷᠰᠢᠶᠠᠨ ᠤ ᠬᠠᠤᠯᠢ ᠶᠢᠨ ᠡᠷᠬᠡᠲᠡᠨ ᠼᠦᠢ ᠯᠢ ᠵᠢᠶᠦ᠋ᠨ ᠭᠠᠶᠢᠯᠢ ᠲᠤᠰᠢᠶᠠᠬᠤ ᠦᠢᠯᠡᠴᠢᠯᠡᠭᠡᠨ ᠤ ᠪᠠᠭ᠎ᠠ ᠠᠩᠭᠢ ᠶᠢ ᠬᠠᠯᠠᠭᠤᠨ ᠢᠶᠠᠷ ᠤᠭᠲᠤᠵᠠᠢ᠃      ᠲᠣᠭᠲᠠᠬᠤ ᠰᠢᠶᠠᠨ ᠨᠢ ᠳ᠋ᠡ ᠪᠧᠢ ᠱᠠᠨ ᠠᠭᠤᠯᠠ ᠶᠢᠨ ᠡᠮᠦᠨ᠎ᠡ ᠬᠤᠷᠮᠣᠢ᠂ ᠬᠠᠲᠤᠨ ᠭᠤᠣᠯ ᠤᠨ ᠬᠤᠶᠢᠲᠤ ᠡᠷᠭᠢ ᠶᠢᠨ ᠲᠦᠮᠡᠳ ᠤᠨ ᠲᠠᠯ᠎ᠠ ᠭᠠᠵᠠᠷ ᠲᠤ ᠪᠠᠶᠢᠷᠢᠯᠠᠵᠤ᠂ ᠳᠥᠷᠪᠡᠨ ᠤᠯᠠᠷᠢᠯ ᠲᠣᠳᠣᠷᠬᠠᠢ᠂ ᠨᠡᠷᠡᠨ ᠤ ᠲᠤᠰᠤᠯᠲᠠ ᠭᠦᠢᠴᠡᠳ ᠵᠡᠷᠭᠡ ᠥᠪᠡᠷᠮᠢᠴᠡ ᠳᠠᠪᠠᠭᠤᠯᠢᠭ ᠢᠶᠠᠷ ᠢᠶᠠᠨ ︽ᠲᠣᠭᠲᠠᠬᠤ ᠰᠢᠶᠠᠨ ᠤ ᠯᠠᠵᠤᠤ︾ ᠶᠢᠨ ᠮᠢᠬ᠎ᠠ ᠨᠢ ᠵᠤᠵᠠᠭᠠᠨ᠂ ᠥᠩᠭᠡ ᠨᠢ ᠰᠣᠷᠭᠤᠭ᠂ ᠠᠩᠬᠢᠯᠤᠮ᠎ᠠ ᠦᠨᠦᠷ ᠲᠠᠢ᠂ ᠭᠤᠰᠢᠭᠤᠨ ᠪᠢᠰᠢ᠂ ᠠᠩᠬᠢᠯᠤᠮ᠎ᠠ ᠦᠨᠦᠷ ᠲᠠᠢ ᠥᠨᠢ ᠤᠳᠠᠭᠠᠨ ᠲᠡᠦᠬᠡ ᠶᠢᠨ ᠵᠠᠩ ᠴᠢᠨᠠᠷ ᠢ ᠪᠣᠶ ᠪᠣᠯᠭᠠᠭᠰᠠᠨ ᠪᠠᠶᠢᠨ᠎ᠠ᠃ ︽ᠣᠳᠣᠬᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠦᠨᠳᠦᠰᠦᠯᠡᠪᠡᠯ᠂ ᠮᠦ ᠪᠦᠷᠢ ᠶᠢᠨ ᠴᠡᠪᠡᠷ ᠠᠰᠢᠭ ᠬᠤᠨᠵᠢᠪᠤᠷᠢ 4000 ᠲᠥᠭᠦᠷᠢᠭ ᠣᠷᠴᠢᠮ ᠬᠦᠷᠴᠦ᠂ ᠡᠭᠦᠨ ᠤ ᠳᠡᠭᠡᠷ᠎ᠡ ᠡᠳ᠋ᠯᠡᠵᠦ ᠪᠣᠯᠬᠤ ᠬᠤᠯᠪᠣᠭᠳᠠᠯ ᠪᠦᠬᠦᠢ ᠭᠠᠶᠢᠯᠢ ᠠᠴᠠ ᠬᠡᠯᠲᠦᠷᠢᠭᠦᠯᠬᠦ ᠲᠥᠷᠥ   ᠶᠢᠨ ᠪᠣᠳᠣᠯᠭ᠎ᠠ ᠶᠢ ᠨᠡᠮᠡᠪᠡᠯ ᠣᠷᠣᠯᠭ᠎ᠠ ᠨᠢ ᠨᠡᠯᠢᠶᠡᠳ ᠰᠠᠶᠢᠨ ᠪᠣᠯᠣᠨ᠎ᠠ︾ ᠭᠡᠵᠦ ᠵᠢᠭᠠᠵᠤ ᠭᠠᠷᠭᠠᠵᠠᠢ᠃      ︽ᠡᠨᠡ ᠵᠢᠯ ᠤᠨ ᠯᠠᠵᠤᠤ   ᠶᠢᠨ ᠶᠠᠰᠤ ᠴᠢᠨᠠᠷ ᠪᠣᠯᠣᠨ ᠭᠠᠷᠤᠯᠲᠠ ᠨᠢ ᠴᠥᠮ ᠵᠦᠭᠡᠷ ᠪᠠᠶᠢᠨ᠎ᠠ᠂ ᠣᠳᠣᠬᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠦᠨᠳᠦᠰᠦᠯᠡᠪᠡᠯ᠂ ᠮᠦ ᠪᠦᠷᠢ ᠶᠢᠨ ᠴᠡᠪᠡᠷ ᠠᠰᠢᠭ ᠬᠤᠨᠵᠢᠪᠤᠷᠢ ᠨᠢ 4000 ᠲᠥᠭᠦᠷᠢᠭ ᠣᠷᠴᠢᠮ ᠪᠣᠯᠣᠨ᠎ᠠ᠃ ᠡᠭᠦᠨ ᠤ ᠳᠡᠭᠡᠷ᠎ᠡ ᠭᠠᠶᠢᠯᠢ ᠬᠡᠯᠲᠦᠷᠢᠭᠦᠯᠬᠦ ᠬᠤᠯᠪᠣᠭᠳᠠᠯ ᠪᠦᠬᠦᠢ ᠲᠥᠷᠥ   ᠶᠢᠨ ᠪᠣᠳᠣᠯᠭ᠎ᠠ ᠶᠢ ᠨᠡᠮᠡᠪᠡᠯ ᠣᠷᠣᠯᠭ᠎ᠠ ᠨᠢ ᠨᠡᠯᠢᠶᠡᠳ ᠰᠠᠶᠢᠨ ᠪᠣᠯᠣᠨ᠎ᠠ ᠭᠡᠵᠦ ᠼᠦᠢ ᠯᠢ ᠵᠢᠶᠦ᠋ᠨ ᠲᠠᠨᠢᠯᠴᠠᠭᠤᠯᠪᠠ᠃      ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠯᠠᠵᠤᠤ ᠶᠢᠨ ᠠᠵᠤ ᠦᠢᠯᠡᠰ ᠤᠨ ᠬᠥᠭᠵᠢᠯᠲᠡ ᠳᠤ ᠨᠡᠩ ᠰᠠᠶᠢᠨ ᠦᠢᠯᠡᠴᠢᠯᠡᠵᠦ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠷᠢᠶᠠᠯᠠᠩ ᠢ ᠲᠤᠰᠠᠯᠠᠬᠤ ᠦᠢᠯᠡᠴᠢᠯᠡᠭᠡᠨ ᠤ ᠪᠠᠭ᠎ᠠ ᠠᠩᠭᠢ ᠪᠠᠶᠢᠭᠤᠯᠵᠤ᠂ ᠤᠯᠠᠭᠠᠨ ᠯᠠᠵᠤᠤ ᠶᠢᠨ ᠵᠢᠱᠢᠶ᠎ᠡ ᠦᠵᠡᠭᠦᠯᠬᠦ ᠰᠠᠭᠤᠷᠢᠨ ᠳᠤ ᠬᠦᠷᠴᠦ ᠯᠠᠵᠤᠤ ᠶᠢᠨ ᠲᠠᠷᠢᠶᠠᠴᠢᠳ ᠲᠤ ᠲᠠᠷᠢᠬᠤ᠂ ᠬᠤᠳᠠᠯᠳᠤᠨ ᠠᠪᠬᠤ᠂ ᠡᠳ᠋ᠰᠢᠭᠦᠯᠬᠦ᠂ ᠭᠦᠢᠯᠭᠡᠭᠡᠬᠦ ᠪᠠ ᠪᠣᠷᠣᠯᠠᠭᠤᠯᠬᠤ ᠡᠯ᠎ᠡ ᠵᠠᠩᠭᠢᠯᠠᠭ᠎ᠠ ᠶᠢᠨ ᠲᠤᠬᠠᠢ ᠭᠠᠶᠢᠯᠢ ᠳᠤ ᠬᠤᠯᠪᠣᠭᠳᠠᠬᠤ ᠤᠴᠢᠷ ᠶᠠᠪᠤᠳᠠᠯ ᠢ ᠰᠢᠢᠳᠪᠦᠷᠢᠯᠡᠬᠦ ᠪᠠ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠷᠢᠨ ᠲᠣᠳᠣᠷᠬᠠᠢ ᠲᠠᠶᠢᠯᠪᠤᠷᠢᠯᠠᠵᠤ᠂ ᠭᠠᠶᠢᠯᠢ ᠪᠠᠷ ᠲᠠᠷᠢᠶᠠᠴᠢᠳ ᠲᠤ ᠠᠰᠢᠭ ᠬᠦᠷᠲᠡᠭᠡᠬᠦ᠂ ᠭᠠᠶᠢᠯᠢ ᠪᠠᠷ ᠲᠠᠷᠢᠶᠠᠯᠠᠩ ᠢ ᠲᠤᠰᠠᠯᠠᠬᠤ᠂ ᠭᠠᠶᠢᠯᠢ ᠪᠠᠷ ᠲᠠᠷᠢᠶᠠᠯᠠᠩ ᠢ ᠬᠥᠭᠵᠢᠭᠦᠯᠬᠦ ᠶᠢ ᠴᠢᠷᠮᠠᠶᠢᠨ ᠪᠡᠶᠡᠯᠡᠭᠦᠯᠪᠡ᠃      ︽ᠭᠠᠶᠢᠯᠢ ᠶᠢᠨ ᠶᠠᠪᠤᠳᠠᠯ ᠤᠨ ᠺᠠᠳ᠋ᠷ ᠭᠡᠷ ᠲᠤ ᠢᠷᠡᠭᠰᠡᠨ ᠨᠢ ᠪᠢᠳᠡᠨ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠦᠭᠡᠢ ᠪᠠᠰᠠ ᠪᠣᠷᠤᠯᠠᠭᠤᠯᠭ᠎ᠠ ᠶᠢᠨ ᠠᠷᠭ᠎ᠠ ᠵᠠᠮ ᠲᠠᠢ ᠬᠠᠷᠢᠯᠴᠠᠬᠤ ᠳᠤ ᠬᠠᠪᠰᠤᠷᠤᠮᠵᠢ ᠪᠣᠯᠵᠤ᠂ ᠪᠢᠳᠡᠨ ᠤ ᠬᠥᠭᠵᠢᠯᠲᠡ ᠶᠢᠨ ᠢᠲᠡᠭᠡᠯ ᠵᠣᠷᠢᠭ ᠨᠠᠩ ᠲᠡᠭᠦᠯᠳᠡᠷ ᠪᠣᠯᠤᠭᠰᠠᠨ ᠪᠥᠭᠡᠳ ᠨᠠᠩ ᠣᠯᠠᠨ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠢᠲᠡᠭᠡᠯ ᠵᠣᠷᠢᠭ ᠨᠠᠩ ᠲᠡᠭᠦᠯᠳᠡᠷ ᠪᠣᠯᠤᠭᠰᠠᠨ ᠪᠠᠶᠢᠨ᠎ᠠ︾ ᠭᠡᠵᠦ ᠼᠦᠢ ᠯᠢ ᠵᠢᠶᠦ᠋ᠨ ᠪᠠᠶᠠᠷᠲᠠᠢ ᠪᠠᠷ ᠬᠡᠯᠡᠪᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1