2023 ᠬᠥᠬᠡᠬᠤᠲᠠ ᠶᠢᠨ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠤᠷᠤᠯᠳᠤᠭᠠᠨ ᠲᠡᠭᠦᠰ ᠠᠮᠵᠢᠯᠲᠠ ᠲᠠᠢ ᠶᠠᠪᠤᠭᠳᠠᠪᠠ ᠲᠣᠭᠲᠠᠬᠤ ᠰᠢᠶᠠᠨ ᠤ ᠲᠥᠯᠥᠭᠡᠯᠡᠭᠴᠢᠳ ᠤᠨ ᠠᠩᠭᠢ ᠨᠢᠭᠡᠳᠦᠭᠡᠷ ᠳᠡᠰ ᠤᠨ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2023/9/18
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠶᠢᠯᠳᠤᠬᠤ ᠪᠣᠳᠣᠯᠭ᠎ᠠ ᠶᠢᠨ ᠵᠢᠷᠤᠭᠯᠠᠯ ᠢ ᠭᠦᠨᠵᠡᠭᠡᠢ ᠰᠤᠷᠤᠯᠴᠠᠨ ᠤᠬᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ  ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠬᠦᠴᠦᠨ ᠨᠡᠮᠡᠷᠢᠯᠡᠵᠦ᠂ ᠬᠤᠷᠢᠳᠤᠭᠠᠷ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠥᠬᠡᠬᠤᠲᠠ ᠶᠢᠨ ᠰᠣᠶᠣᠯ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠬᠥᠬᠡᠬᠤᠲᠠ ᠶᠢᠨ ᠬᠠᠮ ᠵᠠᠭᠤᠴᠢᠯᠠᠭᠤᠷ ᠤᠨ ᠲᠥᠪ ᠠᠴᠠ ᠳᠠᠭᠠᠭᠠᠴᠢᠯᠠᠨ ᠡᠷᠬᠢᠯᠡᠭᠰᠡᠨ 2023 ᠣᠨ ᠤ ᠬᠥᠬᠡᠬᠤᠲᠠ ᠶᠢᠨ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠶᠡᠭᠡ ᠤᠷᠤᠯᠳᠤᠭᠠᠨ 9 ᠳ᠋ᠤᠭᠡᠷ ᠰᠠᠷ᠎ᠠ ᠶᠢᠨ 12  ᠤᠨ ᠡᠳᠦᠷ ᠬᠥᠬᠡᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ 800 ᠲᠡᠭᠰᠢ ᠳᠥᠷᠪᠡᠯᠵᠢᠨ ᠮᠧᠲᠷ ᠤᠨ ᠲᠣᠭᠯᠠᠯᠲᠠ ᠨᠡᠪᠲᠡᠷᠡᠭᠦᠯᠭᠡ ᠶᠢᠨ ᠶᠡᠭᠡ ᠲᠢᠩᠬᠢᠮ ᠳᠤ ᠶᠠᠪᠤᠭᠳᠠᠪᠠ᠃
     ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠪᠧᠨ  ᠲᠧᠩ ᠬᠠᠮ ᠵᠠᠭᠤᠴᠢᠯᠠᠭᠤᠷ᠂ ᠬᠥᠬᠡᠬᠤᠲᠠ ᠶᠢᠨ ᠬᠥᠬᠡ ᠤᠯᠠᠪᠤᠷ ᠬᠠᠮ ᠵᠠᠭᠤᠴᠢᠯᠠᠭᠤᠷ᠂ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ᠬᠥᠬᠡᠬᠤᠲᠠ ᠶᠢᠨ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠶᠢᠨ ᠸᠢᠳᠢᠤ᠋ ᠨᠣᠮᠧᠷ᠂ ᠬᠥᠬᠡᠬᠤᠲᠠ ᠶᠢᠨ ᠵᠠᠮ ᠬᠠᠷᠢᠯᠴᠠᠭᠠᠨ ᠤ ᠷᠠᠳᠢᠣ᠋ ᠨᠡᠪᠲᠡᠷᠡᠭᠦᠯᠭᠡ ᠶᠢᠨ ᠸᠢᠳᠢᠤ᠋ ᠨᠣᠮᠧᠷ ᠤᠨ ᠠᠬᠤᠢ ᠲᠠᠯᠠᠪᠠᠶ ᠶᠢᠨ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠦᠵᠡᠭᠴᠢᠳ ᠤᠨ ᠨᠡᠶᠢᠲᠡ ᠲᠤᠭ᠎ᠠ ᠪᠠᠷᠤᠭ 11 ᠲᠦᠮᠡᠨ ᠬᠥᠮᠥᠨ ᠤᠳᠠᠭ᠎ᠠ ᠳᠤ ᠬᠦᠷᠴᠡᠢ᠃
     ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠠᠷᠢᠶ᠎ᠠ ᠲᠠᠯᠪᠢᠬᠤ ᠤᠷᠤᠯᠳᠤᠭᠠᠨ ᠤ ᠬᠡᠰᠡᠭ      ᠰᠢᠨᠵᠢᠯᠡᠬᠦ ᠤᠬᠠᠭᠠᠨ ᠤ ᠬᠦᠷᠢᠶᠡᠯᠡᠩ ᠤᠨ ᠸᠠᠩ ᠸᠧᠨ ᠵᠢᠶᠧ ᠵᠡᠷᠭᠡ ᠬᠥᠮᠥᠰ ᠪᠢᠳᠡᠨ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠦᠯᠭᠡ ︽ᠰᠢᠩᠭᠡᠨ ᠠᠽᠣᠲ ᠤᠨ ᠰᠠᠷᠭᠠᠢ︾ ᠶᠢ ᠠᠪᠴᠢᠷᠠᠨ ᠥᠭᠴᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠦᠯᠭᠡ ᠶᠢᠨ ᠰᠣᠨᠢᠷᠬᠠᠯᠲᠠᠢ ᠫᠷᠣᠭ᠍ᠷᠠᠮ ᠢᠶᠠᠷ ᠳᠠᠮᠵᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠢ ᠮᠠᠨ ᠤ ᠡᠳᠦᠷ ᠲᠤᠲᠤᠮ ᠤᠨ ᠠᠮᠢᠳᠤᠷᠠᠯ ᠳᠠᠭᠠᠨ ᠨᠡᠪᠴᠢᠭᠦᠯᠦᠨ᠂ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠰᠣᠶᠣᠯ ᠢ ᠤᠯᠠᠮᠵᠢᠯᠠᠨ ᠳᠡᠯᠭᠡᠷᠡᠭᠦᠯᠵᠡᠢ᠃ ᠡᠭᠦᠨ ᠤ ᠬᠠᠮᠲᠤ ᠪᠠᠰᠠ ᠦᠵᠡᠭᠴᠢᠳ ᠤᠨ ᠰᠢᠨᠵᠢᠯᠡᠬᠦ ᠤᠬᠠᠭᠠᠨ ᠤ ᠲᠤᠬᠠᠢ ᠤᠷᠮ᠎ᠠ ᠪᠠᠬ᠎ᠠ ᠶᠢ ᠬᠥᠭᠵᠢᠭᠡᠵᠦ᠂ ᠰᠢᠨᠵᠢᠯᠡᠬᠦ ᠤᠬᠠᠭᠠᠨ ᠢ ᠮᠠᠨ ᠤ ᠡᠳᠦᠷ ᠲᠤᠳᠤᠮ ᠤᠨ ᠠᠮᠢᠳᠤᠷᠠᠯ ᠳᠤᠮᠳᠠ ᠨᠡᠩ ᠰᠣᠨᠢᠷᠬᠠᠯᠲᠠᠢ᠂ ᠨᠡᠩ ᠠᠮᠢᠳᠤᠯᠢᠭ ᠪᠤᠯᠭᠠᠪᠠ᠃
     ᠲᠤᠰ ᠤᠳᠠᠭ᠎ᠠ ᠶᠢᠨ ᠤᠷᠤᠯᠳᠤᠭᠠᠨ ᠨᠢ ᠬᠤᠷᠴᠠ ᠰᠢᠷᠦᠭᠦᠨ ᠥᠷᠢᠰᠦᠯᠳᠦᠭᠡᠨ ᠢᠶᠠᠷ ᠲᠠᠮᠵᠢᠨ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠡᠯᠪᠡᠭ ᠪᠠᠶᠠᠯᠢᠭ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠭᠤᠯᠭ᠎ᠠ ᠶᠢ ᠳᠡᠯᠭᠡᠨ ᠦᠵᠡᠭᠦᠯᠵᠦ᠂ ᠣᠷᠣᠨ ᠤ ᠲᠥᠪ ᠤᠨ ᠠᠷᠠᠳ ᠲᠦᠮᠡᠨ ᠤ ᠰᠢᠨᠵᠢᠯᠡᠬᠦ ᠤᠬᠠᠭᠠᠨ ᠢ ᠡᠷᠬᠢᠮᠯᠡᠬᠦ᠂ ᠦᠯᠦ ᠮᠡᠳᠡᠬᠦ ᠤᠷᠮ᠎ᠠ ᠪᠠᠬ᠎ᠠ ᠶᠢ ᠬᠠᠶᠢᠨ ᠰᠦᠪᠡᠭᠴᠢᠯᠡᠬᠦ ᠶᠢ ᠬᠥᠭᠵᠢᠭᠡᠵᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1