2023 ᠪᠥᠬᠦ ᠣᠷᠣᠨ ᠤ ᠬᠤᠰᠢᠭᠤ ᠰᠢᠶᠠᠨ ᠤ ᠬᠠᠮ ᠵᠠᠭᠤᠴᠢᠯᠠᠭᠤᠷ ᠤᠨ ᠴᠢᠳᠠᠪᠤᠷᠢ ᠶᠢᠨ ᠪᠠᠶᠢᠭᠤᠯᠤᠯᠲᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/18
      9 ᠳ᠋ᠤᠭᠡᠷ ᠰᠠᠷ᠎ᠠ ᠶᠢᠨ 15 ᠤ ᠡᠳᠦᠷ᠂ 2023 ᠪᠥᠬᠦ ᠣᠷᠣᠨ ᠤ ᠬᠤᠰᠢᠭᠤ ᠰᠢᠶᠠᠨ ᠤ ᠬᠠᠮ ᠵᠠᠭᠤᠴᠢᠯᠠᠭᠤᠷ ᠤᠨ ᠴᠢᠳᠠᠪᠤᠷᠢ ᠶᠢᠨ ᠪᠠᠶᠢᠭᠤᠯᠤᠯᠲᠠ ᠶᠢᠨ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠪᠦᠬᠦ ᠣᠷᠣᠨ ᠤ 103 ᠬᠤᠰᠢᠭᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠳ ᠬᠥᠬᠡᠬᠤᠲᠠ ᠳᠤ ᠴᠤᠭᠯᠠᠷᠠᠵᠤ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠡᠭᠡ ᠪᠣᠳᠣᠯᠭ᠎ᠠ ᠶᠢ ᠰᠤᠳᠤᠯᠤᠨ ᠶᠠᠷᠢᠯᠴᠠᠪᠠ᠃
     2023 ᠪᠥᠬᠦ ᠣᠷᠣᠨ ᠤ ᠬᠤᠰᠢᠭᠤ ᠰᠢᠶᠠᠨ ᠤ ᠨᠡᠶᠢᠯᠡᠯ ᠵᠠᠭᠤᠴᠢᠯᠠᠭᠤᠷ ᠤᠨ ᠴᠢᠳᠠᠪᠤᠷᠢ ᠶᠢᠨ ᠪᠠᠶᠢᠭᠤᠯᠤᠯᠲᠠ ᠶᠢᠨ ᠰᠤᠳᠤᠯᠤᠨ ᠶᠠᠷᠢᠯᠴᠠᠬᠤ ᠬᠤᠷᠠᠯ ᠤᠨ ᠠᠬᠤᠢ ᠲᠠᠯᠠᠪᠠᠶ      ᠲᠤᠰ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠪᠠᠶᠢᠷᠢᠰᠢᠯ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠰᠢᠰᠲ᠋ᠧᠮ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠢᠨᠵᠧᠨᠧᠷᠢᠩ ᠤᠨ ᠠᠭᠤᠯᠤᠭᠳᠠᠬᠤᠨ ᠪᠠ ᠱᠠᠭᠠᠷᠳᠠᠯᠭ᠎ᠠ ᠶᠢ ᠭᠦᠨᠵᠡᠭᠡᠢ ᠰᠤᠳᠤᠯᠤᠨ ᠶᠠᠷᠢᠯᠴᠠᠵᠤ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠵᠠᠮ ᠢ ᠰᠦᠪᠡᠭᠴᠢᠯᠡᠵᠡᠢ᠃
     ᠬᠤᠷᠠᠯ ᠤᠨ ᠠᠬᠤᠢ ᠲᠠᠯᠠᠪᠠᠶ      ᠬᠤᠷᠠᠯ ᠳᠡᠭᠡᠷ᠎ᠡ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠳᠡᠳ᠋ ᠶᠡᠷᠦᠩᠬᠡᠢ ᠨᠠᠶᠢᠷᠠᠭᠤᠯᠤᠭᠴᠢ ᠸᠠᠩ ᠢᠦᠢ ᠲᠢᠶᠠᠨ ᠲᠠᠯ᠎ᠠ ᠨᠤᠲᠤᠭ ᠤᠨ ᠡᠭᠦᠯᠡᠨ ᠬᠠᠮ ᠵᠠᠭᠤᠴᠢᠯᠠᠭᠤᠷ ᠤᠨ ᠲᠠᠪᠴᠠᠩ ᠤᠨ ᠬᠤᠯᠪᠣᠯᠳᠤᠨ ᠬᠥᠳᠡᠯᠦᠯᠴᠡᠬᠦ ᠪᠠ ᠠᠭᠤᠯᠭ᠎ᠠ ᠶᠢ ᠳᠡᠯᠭᠡᠷᠡᠭᠦᠯᠬᠦ ᠠᠵᠢᠯ ᠤᠨ ᠲᠣᠭᠲᠠᠴᠠ ᠶᠢ ᠲᠠᠨᠢᠯᠴᠠᠭᠤᠯᠪᠠ᠃
     ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠳᠡᠳ᠋ ᠶᠡᠷᠦᠩᠬᠡᠢ ᠨᠠᠶᠢᠷᠠᠭᠤᠯᠤᠭᠴᠢ ᠸᠠᠩ ᠢᠦᠢ ᠲᠢᠶᠠᠨ ᠲᠠᠯ᠎ᠠ ᠨᠤᠲᠤᠭ ᠤᠨ ᠡᠭᠦᠯᠡᠨ ᠬᠠᠮ ᠵᠠᠭᠤᠴᠢᠯᠠᠭᠤᠷ ᠤᠨ ᠲᠠᠪᠴᠠᠩ ᠤᠨ ᠬᠤᠯᠪᠣᠯᠳᠤᠨ ᠬᠥᠳᠡᠯᠦᠯᠴᠡᠬᠦ ᠪᠠ ᠠᠭᠤᠯᠭ᠎ᠠ ᠶᠢ ᠳᠡᠯᠭᠡᠷᠡᠭᠦᠯᠬᠦ ᠠᠵᠢᠯ ᠤᠨ ᠲᠣᠭᠲᠠᠴᠠ ᠶᠢ ᠲᠠᠨᠢᠯᠴᠠᠭᠤᠯᠵᠦ ᠪᠠᠶᠢᠭ᠎ᠠ ᠨᠢ      ᠣᠳᠣᠬᠠᠨ ᠳᠤ᠂ ᠤᠯᠠᠮᠵᠢᠯᠠᠯᠲᠤ ᠵᠠᠭᠤᠴᠢᠯᠠᠭᠤᠷ ᠪᠣᠯᠣᠨ ᠰᠢᠨ᠎ᠡ ᠪᠠᠷ ᠮᠠᠨᠳᠤᠭᠰᠠᠨ ᠵᠠᠭᠤᠴᠢᠯᠠᠭᠤᠷ ᠶᠠᠭ ᠠᠭᠤᠰᠤᠯᠴᠠᠨ ᠬᠥᠭᠵᠢᠬᠦ ᠴᠢᠬᠤᠯᠠ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠡᠭᠦᠨ ᠳᠤ ᠰᠢᠨ᠎ᠡ ᠣᠶᠢᠯᠠᠭᠠᠭᠳᠠᠬᠤᠨ ᠤ ᠵᠢᠯᠣᠭᠤᠳᠤᠯᠭ᠎ᠠ ᠪᠠᠶᠢᠬᠤ ᠬᠡᠷᠡᠭᠲᠡᠢ ᠪᠥᠭᠡᠳ ᠨᠡᠩ ᠤᠯᠠᠨ ᠵᠠᠭᠤᠴᠢᠯᠠᠭᠤᠷ ᠤᠨ ᠬᠥᠮᠥᠰ ᠢᠳᠡᠪᠬᠢᠲᠡᠢ ᠬᠠᠶᠢᠨ ᠰᠦᠪᠡᠭᠴᠢᠯᠡᠬᠦ ᠶᠢ ᠱᠠᠭᠠᠷᠳᠠᠵᠤ ᠪᠠᠶᠢᠨ᠎ᠠ᠃ ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠬᠡᠰᠢᠭᠲᠡᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠮᠠᠨᠵᠤᠤᠷ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠬᠠᠶᠢᠷᠤᠪ ᠤᠨ ᠲᠣᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠰᠢᠯᠢᠩᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠯᠢᠨᠾᠧ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠱᠠᠩᠳᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠷᠡᠭᠯᠡᠭᠴᠢ ᠶᠢᠨ ᠦᠵᠦᠭᠦᠷ ᠢ ᠳᠡᠯᠭᠡᠷᠡᠭᠦᠯᠦᠨ ᠡᠵᠡᠩᠨᠡᠬᠦ᠂ ᠵᠠᠭᠤᠴᠢᠯᠠᠭᠤᠷ ᠢ ᠠᠭᠤᠰᠤᠯᠴᠠᠭᠤᠯᠤᠨ ᠬᠥᠭᠵᠢᠭᠦᠯᠬᠦ᠂ ᠴᠢᠨᠠᠷ ᠰᠠᠶᠢᠲᠠᠢ ᠠᠩᠬᠠᠨ ᠤ ᠡᠭᠦᠳᠦᠯᠲᠡ ᠶᠢᠨ ᠠᠭᠤᠯᠭ᠎ᠠ ᠶᠢ ᠦᠢᠯᠡᠳᠪᠦᠷᠢᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠬᠡᠷᠡᠭ ᠤᠨ ᠵᠢᠱᠢᠶ᠎ᠡ ᠶᠢ  ᠬᠤᠪᠢᠶᠠᠯᠴᠠᠪᠠ᠃
   ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠬᠡᠷᠡᠭ ᠤᠨ ᠵᠢᠱᠢᠶ᠎ᠡ ᠬᠤᠪᠢᠶᠠᠯᠴᠠᠵᠦ ᠪᠠᠶᠢᠭ᠎ᠠ ᠨᠢ        ᠰᠠᠨᠠᠯ ᠰᠣᠯᠢᠯᠴᠠᠭ᠎ᠠ ᠶᠢᠨ ᠲᠠᠯ᠎ᠠ ᠪᠠᠷ᠂ ᠸᠠᠩ ᠢᠦᠢ ᠲᠢᠶᠠᠨ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠴᠢᠩ ᠱᠦᠢ ᠾᠧ ᠰᠢᠶᠠᠨ ᠤ ᠬᠠᠮ ᠵᠠᠭᠤᠴᠢᠯᠠᠭᠤᠷ ᠤᠨ ᠲᠥᠪ᠂ ᠬᠢᠶ᠎ᠠ ᠪᠠᠭᠰᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠬᠤᠷᠴᠢᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠬᠠᠮ ᠵᠠᠭᠤᠴᠢᠯᠠᠭᠤᠷ ᠤᠨ ᠴᠠᠭ ᠦᠶ᠎ᠡ ᠶᠢᠨ ᠭᠤᠣᠯ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠤᠨ ᠬᠥᠭᠵᠢᠯᠲᠡ ᠶᠢᠨ ᠵᠠᠮ ᠢ ᠭᠦᠨᠵᠡᠭᠡᠢ ᠰᠦᠪᠡᠭᠴᠢᠯᠡᠬᠦ ᠶᠢᠨ ᠲᠣᠭᠤᠷᠢᠨ ᠳᠤ ᠶᠠᠷᠢᠯᠴᠠᠭ᠎ᠠ ᠰᠣᠯᠢᠯᠴᠠᠭ᠎ᠠ ᠬᠢᠵᠡᠢ᠃      ᠥᠪᠥᠷ ᠮᠣᠩᠭᠤᠯ ᠤᠨ ᠳᠦᠷᠢ ᠲᠥᠷᠬᠦ ᠶᠢᠨ ᠠᠵᠢᠯ ᠤᠨ ᠲᠠᠰᠤᠭ ᠤᠨ ᠰᠢᠯᠢᠳᠡᠭ ᠰᠢᠯᠵᠢᠭᠦᠯᠦᠨ ᠪᠣᠯᠪᠠᠰᠤᠷᠠᠭᠤᠯᠬᠤ ᠰᠣᠷᠣᠭᠴᠢ ᠶᠢ ᠰᠢᠯᠭᠠᠷᠠᠭᠤᠯᠬᠤ ᠠᠵᠢᠯᠯᠠᠭ᠎ᠠ ᠵᠢᠩᠬᠢᠨᠢ ᠪᠠᠷ ᠡᠬᠢᠯᠡᠭᠦᠯᠪᠡ᠃
    ᠲᠤᠬᠠᠢ ᠶᠢᠨ ᠡᠳᠦᠷ᠂ ᠥᠪᠥᠷ ᠮᠣᠩᠭᠤᠯ ᠤᠨ ᠳᠦᠷᠢ ᠲᠥᠷᠬᠦ ᠶᠢᠨ ᠠᠵᠢᠯ ᠤᠨ ᠲᠠᠰᠤᠭ ᠤᠨ ᠰᠢᠯᠢᠳᠡᠭ ᠰᠢᠯᠵᠢᠭᠦᠯᠦᠨ ᠪᠣᠯᠪᠠᠰᠤᠷᠠᠭᠤᠯᠬᠤ ᠰᠣᠷᠣᠭᠴᠢ ᠶᠢ ᠰᠢᠯᠭᠠᠷᠠᠭᠤᠯᠬᠤ ᠠᠵᠢᠯᠯᠠᠭ᠎ᠠᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1