ᠬᠥᠬᠡᠬᠤᠲᠠ ᠶᠢᠨ ᠲᠣᠭᠲᠠᠬᠤ ᠰᠢᠶᠠᠨ ᠤ 2023 ᠣᠨ ᠤ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠴᠢ ᠶᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2023/9/19
      ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠵᠦ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠴᠢ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠭᠴᠢ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠶᠢᠨ ᠲᠦᠯᠦᠭᠡ᠂ ᠬᠠᠮᠢᠶ᠎ᠠ ᠪᠦᠬᠦᠢ ᠨᠢᠭᠡᠴᠡ ᠶᠢᠨ ᠲᠠᠨᠢᠯᠴᠠᠭᠤᠯᠭ᠎ᠠ ᠪᠠᠷ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠴᠡᠷᠢᠭ ᠡᠯᠰᠡᠬᠦ ᠠᠯᠪᠠᠨ ᠭᠡᠷ ᠠᠴᠠ ᠬᠢᠨᠠᠨ ᠲᠣᠭᠲᠠᠭᠠᠭᠠᠳ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠴᠢ ᠶᠢᠨ ᠨᠡᠷᠡᠰ ᠢ  ᠨᠡᠶᠢᠳᠡᠯᠡᠪᠡ᠃      ᠠᠷᠢᠭᠤᠨ ᠴᠢᠬᠡᠴᠢ ᠪᠠᠷ ᠴᠡᠷᠢᠭ ᠡᠯᠰᠡᠬᠦ ᠠᠵᠢᠯ ᠳᠤ ᠬᠢᠨᠠᠯᠲᠠ ᠲᠠᠯᠪᠢᠭᠴᠢ ᠲᠤᠰᠢᠶᠠᠯ ᠬᠠᠪᠰᠤᠷᠭᠠᠭᠰᠠᠨ ᠬᠢᠨᠠᠯᠲᠠ ᠲᠠᠯᠪᠢᠭᠴᠢ ᠪᠣᠯᠤᠭᠰᠠᠨ ᠤ ᠬᠤᠪᠢ ᠳᠤ᠂ ᠣᠯᠠᠨ ᠲᠦᠮᠡᠨ ᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠭᠦᠢᠴᠡᠳᠬᠡᠵᠦ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠵᠢᠯᠴᠠᠨ ᠴᠡᠷᠢᠭ ᠲᠤ ᠡᠯᠰᠡᠬᠦ ᠰᠠᠯᠠᠭ᠎ᠠ ᠮᠥᠴᠢᠷ ᠪᠠ ᠴᠡᠷᠢᠭ ᠲᠤ ᠡᠯᠰᠡᠬᠦ ᠠᠵᠢᠯᠲᠠᠨ ᠤ ᠠᠷᠢᠭᠤᠨ ᠴᠢᠬᠡᠴᠢ ᠪᠠᠷ ᠴᠡᠷᠢᠭ ᠡᠯᠰᠡᠬᠦ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠳᠤ ᠭᠤᠣᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠭᠠᠳ ᠣᠯᠠᠨ ᠲᠦᠮᠡᠨ ᠤ ᠳᠡᠷᠭᠡᠳᠡ ᠡᠭᠦᠰᠦᠭᠰᠡᠨ ᠦᠨᠳᠦᠰᠦᠨ ᠱᠠᠲᠤᠨ ᠤ ᠴᠡᠷᠢᠭ ᠡᠯᠰᠡᠬᠦ ᠳᠤ ︽ᠪᠢᠴᠢᠯ ᠢᠯᠵᠠᠷᠠᠯ︾ ︽ᠳᠠᠯᠳᠠ ᠢᠯᠵᠠᠷᠠᠯ︾ ᠤᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠵᠢᠭᠠᠵᠤ ᠭᠠᠷᠭᠠᠬᠤ ᠶᠢᠨ ᠬᠠᠮᠲᠤ ᠲᠡᠭᠦᠨ ᠳᠤ ᠣᠷᠣᠯᠴᠠᠨ᠎ᠠ᠃ ᠥᠷᠭᠡᠨ ᠤᠯᠠᠨ ᠲᠦᠮᠡᠨ ᠬᠡᠷᠪᠡ ᠴᠡᠷᠢᠭ ᠡᠯᠰᠡᠬᠦ ᠬᠠᠤᠯᠢ ᠰᠠᠬᠢᠯᠭ᠎ᠠ ᠠᠴᠠ ᠵᠥᠷᠢᠴᠡᠭᠰᠡᠨ ᠶᠠᠮᠠᠷᠪᠠ ᠰᠦᠪᠡᠭᠴᠢ ᠪᠤᠶᠤ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠠᠰᠠᠭᠤᠳᠠᠯ ᠢ ᠣᠯᠵᠤ ᠮᠡᠳᠡᠪᠡᠯ᠂ ᠳᠡᠭᠡᠷ᠎ᠡ ᠳᠤᠷᠠᠳᠤᠭᠰᠠᠨ ᠠᠷᠢᠭᠤᠨ ᠴᠢᠬᠡᠴᠢ ᠪᠠᠷ ᠴᠡᠷᠢᠭ ᠡᠯᠰᠡᠬᠦ ᠠᠵᠢᠯ ᠳᠤ ᠬᠢᠨᠠᠯᠲᠠ ᠲᠠᠯᠪᠢᠭᠴᠢ ᠳᠤ ᠰᠢᠭᠤᠳ ᠢᠯᠡᠴᠢᠯᠡᠨ ᠮᠡᠳᠡᠭᠦᠯᠵᠦ ᠲᠤᠰᠬᠠᠵᠤ ᠪᠣᠯᠣᠨ᠎ᠠ᠃      ᠠᠷᠢᠭᠤᠨ ᠴᠢᠬᠡᠴᠢ ᠪᠠᠷ ᠴᠡᠷᠢᠭ ᠡᠯᠰᠡᠬᠦ ︽ᠠᠷᠪᠠ ᠶᠢ ᠴᠢᠩᠭ᠎ᠠ ᠴᠠᠭᠠᠵᠠᠯᠠᠬᠤ︾       1᠂ ᠡᠷᠬᠡ ᠲᠤᠰᠢᠶᠠᠯ ᠤᠨ ᠢᠶᠠᠨ ᠲᠦᠭᠦᠮ ᠢ ᠠᠰᠢᠭᠯᠠᠨ ᠲᠣᠭᠲᠠᠭᠠᠯ ᠢ ᠵᠥᠷᠢᠴᠡᠨ ᠴᠡᠷᠢᠭ ᠡᠯᠰᠡᠬᠦ ᠶᠠᠪᠤᠳᠠᠯ ᠳᠤ ᠭᠠᠷ ᠲᠦᠷᠦᠭᠦ ᠶᠢ ᠴᠢᠩᠭ᠎ᠠ ᠴᠠᠭᠠᠵᠠᠯᠠᠨ᠎ᠠ︔      2᠂ ᠣᠷᠣᠨ ᠲᠤᠭ᠎ᠠ ᠶᠢ ᠳᠤᠷ᠎ᠠ ᠪᠠᠷ ᠢᠶᠠᠨ ᠦᠯᠡᠳᠡᠭᠡᠨ ᠠᠪᠬᠤ᠂ ᠨᠡᠭᠦᠯᠭᠡᠨ ᠬᠡᠷᠡᠭᠯᠡᠬᠦ ᠪᠠ ᠳᠤᠷ᠎ᠠ ᠪᠠᠷ ᠢᠶᠠᠨ  ᠬᠤᠪᠢᠶᠠᠷᠯᠠᠬᠤ ᠶᠢ ᠴᠢᠩᠭ᠎ᠠ ᠴᠠᠭᠠᠵᠠᠯᠠᠨ᠎ᠠ︔      3᠂ ᠴᠡᠷᠢᠭ ᠡᠯᠰᠡᠬᠦ ᠨᠥᠬᠦᠴᠡᠯ ᠢ ᠳᠤᠷ᠎ᠠ ᠪᠠᠷ ᠢᠶᠠᠨ ᠠᠭᠤᠵᠢᠭᠤ ᠲᠠᠯᠪᠢᠵᠤ᠂ ᠴᠡᠷᠢᠭ ᠡᠯᠰᠡᠬᠦ ᠪᠠᠷᠢᠮᠵᠢᠶ᠎ᠠ ᠶᠢ ᠪᠠᠭᠤᠷᠠᠭᠤᠯᠤᠨ᠂ ᠴᠡᠷᠢᠭ ᠡᠯᠰᠡᠬᠦ ᠵᠢᠷᠤᠮ ᠢ ᠳᠥᠭᠦᠮᠴᠢᠯᠡᠬᠦ ᠶᠢ ᠴᠢᠩᠭ᠎ᠠ ᠴᠠᠭᠠᠵᠠᠯᠠᠨ᠎ᠠ︔      4᠂ ᠢᠯᠡ ᠪᠠᠷ ᠵᠠᠷᠯᠠᠨ ᠨᠡᠶᠢᠲᠡᠯᠡᠬᠦ ᠲᠣᠭᠲᠠᠭᠠᠯ ᠠᠴᠠ ᠵᠥᠷᠢᠴᠡᠨ ᠳᠠᠯᠳᠠᠭᠤᠷ ᠦᠢᠯᠡᠳᠬᠦ ᠶᠢ ᠴᠢᠩᠭ᠎ᠠ ᠴᠠᠭᠠᠵᠠᠯᠠᠨ᠎ᠠ︔᡾      5᠂ ᠴᠡᠷᠢᠭ ᠲᠤ ᠡᠯᠰᠡᠭᠳᠡᠬᠦ ᠵᠠᠯᠠᠭᠤᠴᠤᠳ ᠢ ᠬᠠᠪᠰᠤᠷᠤᠨ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠵᠤ᠂ ᠥᠯᠥ ᠭᠡᠷᠡᠴᠢᠯᠡᠬᠦ ᠭᠡᠷᠡᠴᠢᠯᠡᠯ ᠬᠠᠩᠭᠠᠬᠤ ᠶᠢ ᠴᠢᠩᠭ᠎ᠠ ᠴᠠᠭᠠᠵᠠᠯᠠᠨ᠎ᠠ︔      6᠂ ᠴᠡᠷᠢᠭ ᠲᠤ ᠡᠯᠰᠡᠭᠳᠡᠭᠰᠡᠨ ᠵᠠᠯᠠᠭᠤᠴᠤᠳ ᠤᠨ ᠭᠡᠷ ᠪᠦᠯᠢ ᠶᠢᠨ ᠬᠢᠨ ᠲᠠᠢ ᠲᠤᠰᠠᠭᠠᠷ ᠰᠤᠷᠪᠤᠯᠵᠢᠯᠠᠬᠤ ᠪᠤᠶᠤ ᠪᠣᠯᠵᠣᠨ ᠠᠭᠤᠯᠵᠠᠬᠤ ᠶᠢ ᠴᠢᠩᠭ᠎ᠠ ᠴᠠᠭᠠᠵᠠᠯᠠᠨ᠎ᠠ︔      7᠂ ᠴᠡᠷᠢᠭ ᠲᠤ ᠡᠯᠰᠡᠭᠳᠡᠬᠦ ᠵᠠᠯᠠᠭᠤᠴᠤᠳ ᠵᠢᠴᠢ ᠲᠡᠳᠡᠨ ᠤ ᠭᠡᠷ ᠪᠦᠯᠢ ᠶᠢᠨ ᠬᠢᠨ ᠤ ᠵᠣᠭᠤᠰ ᠮᠥᠩᠭᠦ ᠡᠳ᠋ ᠪᠣᠳᠠᠰ ᠢ ᠶᠠᠮᠠᠷᠪᠠ ᠰᠢᠯᠲᠠᠭᠠᠨ ᠢᠶᠠᠷ ᠨᠡᠬᠡᠨ ᠠᠪᠬᠤ ᠪᠠ ᠬᠦᠯᠢᠶᠡᠨ ᠠᠪᠬᠤ ᠶᠢ ᠴᠢᠩᠭ᠎ᠠ ᠴᠠᠭᠠᠵᠠᠯᠠᠨ᠎ᠠ︔      8᠂ ᠴᠡᠷᠢᠭ ᠲᠤ ᠡᠯᠰᠡᠭᠳᠡᠬᠦ ᠵᠠᠯᠠᠭᠤᠴᠤᠳ ᠵᠢᠴᠢ ᠲᠡᠳᠡᠨ ᠤ ᠭᠡᠷ ᠪᠦᠯᠢ ᠶᠢᠨ ᠬᠢᠨ ᠤ ᠲᠣᠬᠢᠷᠠᠭᠤᠯᠤᠭᠰᠠᠨ ᠳᠠᠶᠢᠯᠠᠯᠭ᠎ᠠ᠂ ᠵᠤᠭ᠎ᠠ ᠴᠡᠩᠭᠡᠯ᠂ ᠵᠢᠭᠤᠯᠴᠢᠯᠠᠯ ᠵᠡᠷᠭᠡ ᠠᠵᠢᠯᠯᠠᠭ᠎ᠠ ᠶᠢ ᠬᠦᠯᠢᠶᠡᠨ ᠠᠪᠬᠤ ᠶᠢ ᠴᠢᠩᠭ᠎ᠠ ᠴᠠᠭᠠᠵᠠᠯᠠᠨ᠎ᠠ︔      9᠂ ᠲᠣᠭᠲᠠᠭᠠᠭᠰᠠᠨ ᠵᠢᠷᠤᠮ ᠤᠨ ᠡᠷᠬᠡ ᠮᠡᠳᠡᠯ ᠤᠨ ᠬᠡᠪᠴᠢᠶ᠎ᠡ ᠶᠢ ᠵᠢᠷᠤᠮᠯᠠᠬᠤ ᠦᠭᠡᠢ ᠪᠠᠷ ᠳᠤᠷ᠎ᠠ ᠪᠠᠷ ᠢᠶᠠᠨ ᠴᠡᠷᠢᠭ ᠲᠣᠭᠲᠠᠭᠠᠬᠤ ᠪᠠ ᠴᠡᠷᠢᠭ ᠤᠨ ᠬᠠᠮᠢᠭᠠᠰᠢ ᠶᠠᠪᠤᠬᠤ ᠭᠠᠵᠠᠷ ᠢ ᠳᠤᠷ᠎ᠠ ᠪᠠᠷ ᠢᠶᠠᠨ ᠲᠣᠬᠢᠷᠠᠭᠤᠯᠬᠤ ᠶᠢ ᠴᠢᠩᠭ᠎ᠠ ᠴᠠᠭᠠᠵᠠᠯᠠᠨ᠎ᠠ︔      10᠂ ᠰᠢᠨ᠎ᠡ ᠴᠡᠷᠢᠭ ᠢ ᠲᠤᠰᠴᠤ ᠬᠦᠷᠭᠡᠬᠦ ᠳᠤᠮᠳᠠ ᠡᠯᠳᠡᠪ ᠵᠦᠢᠯ ᠤᠨ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃      ᠬᠢᠨᠠᠯᠲᠠ ᠲᠠᠯᠪᠢᠬᠤ ᠬᠦᠴᠦᠨ ᠲᠠᠢ ᠬᠤᠭᠤᠴᠠᠭ᠎ᠠ ᠨᠢ᠄ 2023 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ31 ᠤ ᠡᠳᠦᠷ ᠪᠤᠯᠳᠠᠯ᠎ᠠᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1