ᠪᠦᠬᠦ ᠬᠤᠳᠠ ᠶᠢᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠪᠠ  ᠪᠤᠤ ᠭᠠᠩ ᠶᠠᠷᠢᠶ᠎ᠠ ᠲᠠᠯᠪ᠊
ᠨᠡᠶᠢᠲᠡᠯᠡᠭᠰᠡᠨ ᠴᠠᠭ᠄
2023/9/19
      9 ᠳ᠋ᠤᠭᠡᠷ ᠰᠠᠷ᠎ᠠ ᠶᠢᠨ 18  ᠤ ᠡᠳᠦᠷ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠤᠯᠤᠰ᠂ ᠪᠦᠬᠦ ᠣᠷᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠨᠠᠮ ᠤᠨ ᠪᠠᠶᠢᠭᠤᠯᠤᠯᠲᠠ ᠪᠣᠯᠣᠨ ᠵᠣᠬᠢᠶᠠᠨ ᠪᠠᠶᠢᠭᠤᠯᠬᠤ ᠠᠵᠢᠯ ᠢ ᠪᠠᠶᠢᠷᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠥᠪ  ᠬᠤᠳᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠨᠢ ᠨᠠᠮ ᠤᠨ ᠪᠠᠶᠢᠭᠤᠯᠤᠯᠲᠠ ᠶᠢᠨ ᠦᠨᠳᠦᠰᠦᠨ ᠵᠠᠷᠴᠢᠮ᠂ ᠰᠢᠨᠵᠢᠯᠡᠬᠦ ᠤᠬᠠᠭᠠᠨᠴᠢ ᠪᠠᠶᠢᠷᠢᠰᠢᠭᠤᠯᠤᠯᠲᠠ᠂ ᠦᠷᠳᠡᠭ ᠤᠨ ᠬᠥᠭᠡᠭᠡᠴᠡᠯᠳᠦᠯ᠂ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠲᠣᠳᠣᠷᠬᠠᠶᠢᠯᠠᠵᠤ ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ᠂ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠡᠨᠡᠬᠦ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ︽ᠠᠷᠪᠠᠨ ᠭᠤᠷᠪᠠ ᠶᠢ ᠪᠠᠷᠢᠮᠲᠠᠯᠠᠬᠤ︾ ᠶᠢᠨ ᠪᠠᠶᠠᠯᠢᠭ ᠠᠭᠤᠯᠤᠭᠳᠠᠬᠤᠨ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ︽ᠬᠤᠶᠠᠷ ᠢ ᠲᠤᠭᠳᠠᠭᠠᠭᠰᠠᠨ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠭᠤᠯᠵᠤ᠂ ︽ᠬᠤᠶᠠᠷ ᠢ ᠬᠦᠷᠢᠶᠡᠯᠡᠬᠦ︾  ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃
     ᠬᠤᠷᠠᠯ ᠠᠴᠠ᠂ ᠣᠳᠣᠬᠠᠨ ᠳᠤ᠂ ᠪᠦᠬᠦ ᠬᠤᠳᠠ ᠶᠢᠨ ᠭᠤᠣᠯ ᠠᠵᠢᠯ ᠪᠣᠯ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠪᠣᠯᠣᠨ᠎ᠠ᠃ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠬᠤᠳᠠ ᠶᠢᠨ ᠨᠠᠮ ᠤᠨ ᠬᠤᠷᠢᠶ᠎ᠠ ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠶᠡᠷᠦᠩᠬᠡᠢ ᠲᠥᠯᠦᠪᠵᠢᠭᠦᠯᠭᠡ ᠬᠢᠵᠡᠢ᠂ ᠡᠳᠡᠭᠡᠷ ᠬᠠᠷᠠᠯᠲᠠ ᠠᠷᠭ᠎ᠠ ᠬᠡᠮᠵᠢᠶ᠎ᠡ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ ᠨᠢᠭᠲᠠᠷᠠᠯ ᠤᠨ ᠬᠦᠴᠦᠨ ᠲᠠᠶᠢᠴᠢᠨ ᠬᠦᠴᠦᠨ ᠳᠤ ᠪᠤᠢ᠂ ᠵᠠᠩᠭᠢᠯᠠᠭ᠎ᠠ ᠨᠢ ᠤᠳᠤᠷᠢᠳᠬᠤ ᠪᠠᠭ ᠪᠣᠯᠣᠨ ᠨᠠᠮ ᠤᠨ ᠭᠡᠰᠢᠭᠦᠨ ᠺᠠᠳ᠋ᠷ ᠤᠨ ᠡᠩᠨᠡᠭᠡᠨ ᠤ ᠬᠡᠪ ᠴᠢᠨᠠᠷ ᠴᠢᠳᠠᠪᠤᠷᠢ᠂ ᠠᠵᠢᠯ ᠤᠨ ᠰᠤᠷᠲᠠᠯ᠂ ᠤᠶᠤᠨ ᠰᠠᠨᠠᠭᠠᠨ ᠤ ᠳᠦᠷᠰᠦ ᠪᠠᠶᠢᠳᠠᠯ ᠳᠤ ᠪᠤᠢ᠂ ᠵᠠᠩᠭᠢᠯᠠᠭ᠎ᠠ ᠨᠢ ᠴᠢᠳᠠᠪᠤᠷᠢᠲᠠᠨ ᠤ ᠡᠩᠨᠡᠭᠡᠨ ᠤ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠳᠤ ᠪᠤᠢ᠃ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠵᠣᠬᠢᠶᠠᠨ ᠪᠠᠶᠢᠭᠤᠯᠬᠤ ᠠᠵᠢᠯ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠠᠳᠬᠤᠵᠤ᠂ ᠤᠯᠤᠰ ᠲᠦᠷᠦ ᠪᠠᠷ ᠬᠥᠲᠥᠯᠥᠨ ᠳᠠᠭᠠᠭᠤᠯᠬᠤ ᠪᠠ ᠤᠯᠤᠰ ᠲᠦᠷᠦ ᠶᠢᠨ ᠪᠠᠲᠤᠯᠠᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠ ᠵᠣᠬᠢᠶᠠᠨ ᠪᠠᠶᠢᠭᠤᠯᠬᠤ ᠠᠵᠢᠯ ᠢᠶᠠᠷ ᠬᠤᠶᠠᠷ ᠶᠡᠭᠡ ᠶᠠᠪᠤᠳᠠᠯ ᠢ ᠣᠷᠣᠨ ᠤ ᠲᠥᠪ ᠲᠤ ᠨᠠᠶᠢᠳᠠᠪᠤᠷᠢᠵᠢᠭᠤᠯᠤᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ︽ᠳᠥᠷᠪᠡ ᠶᠢ ᠰᠢᠯᠢᠨ ᠰᠣᠩᠭᠤᠬᠤ ᠶᠢ ᠴᠢᠬᠤᠯᠠᠴᠢᠯᠠᠵᠤ᠂ ᠳᠥᠷᠪᠡ ᠶᠢ ᠶᠠᠭᠠᠬᠢᠭᠰᠠᠨ ᠴᠤ ᠬᠡᠷᠡᠭᠯᠡᠬᠦ ᠦᠭᠡᠢ︾ ᠪᠠ ︽ᠳᠥᠷᠪᠡᠨ ᠣᠨᠴᠠᠭᠠᠶ︾ ᠬᠥᠮᠥᠨ ᠰᠣᠩᠭᠤᠵᠤ ᠬᠡᠷᠡᠭᠯᠡᠬᠦ ᠪᠠᠷᠢᠮᠵᠢᠶ᠎ᠠ ᠶᠢ ᠬᠠᠷᠢᠴᠠᠭᠤᠯᠤᠨ᠂ ᠬᠥᠮᠥᠨ ᠪᠠ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠬᠤ ᠶᠢ ᠪᠠᠷᠢᠮᠲᠠᠯᠠᠵᠤ᠂ ᠺᠠᠳ᠋ᠷ ᠤᠨ ᠳᠠᠪᠰᠢᠵᠤ ᠪᠣᠯᠬᠤ ᠮᠥᠷᠲᠡᠭᠡᠨ ᠪᠠᠭᠤᠵᠤ ᠪᠣᠯᠬᠤ᠂ ᠣᠷᠣᠵᠤ ᠪᠣᠯᠬᠤ ᠮᠥᠷᠲᠡᠭᠡᠨ ᠭᠠᠷᠴᠤ ᠪᠣᠯᠬᠤ ᠶᠢ ᠲᠦᠯᠬᠢᠨ ᠠᠬᠢᠭᠤᠯᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠪᠠᠷ ︽ᠲᠤᠯᠤᠭᠠᠨ ᠵᠦᠢᠯ ᠤᠨ ᠨᠠᠶᠢᠳᠠᠪᠤᠷᠢᠵᠢᠭᠤᠯᠬᠤ ᠲᠣᠭᠲᠠᠴᠠ︾ ᠪᠣᠯᠭᠠᠬᠤ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠣᠳᠠᠲᠠᠢ ᠠᠵᠢᠯᠯᠠᠬᠤ ᠬᠡᠯᠪᠡᠷᠢ ᠶᠢᠨ᠂ ᠬᠡᠪᠲᠡᠭᠡ ᠬᠡᠯᠪᠡᠷᠢ ᠶᠢᠨ᠂ ᠰᠤᠯᠠ ᠶᠠᠷᠢᠯᠴᠠᠬᠤ ᠬᠡᠯᠪᠡᠷᠢ ᠶᠢᠨ ᠺᠠᠳ᠋ᠷ ᠢ ᠦᠨᠡᠯᠡᠨ ᠲᠣᠭᠲᠠᠭᠠᠬᠤ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠰᠢᠯᠢᠳᠡᠭ ᠵᠠᠯᠠᠭᠤ ᠺᠠᠳ᠋ᠷ ᠪᠠ ᠲᠤᠰᠬᠠᠢ ᠮᠡᠷᠭᠡᠵᠢᠯ ᠤᠨ ᠬᠡᠯᠪᠡᠷᠢ ᠶᠢᠨ ᠺᠠᠳ᠋ᠷ ᠤᠨ ᠨᠥᠭᠡᠴᠡ ᠶᠢ ᠴᠢᠩᠭᠠᠳᠬᠠᠵᠤ᠂ ᠺᠠᠳ᠋ᠷᠴᠤᠳ ᠤᠨ ᠬᠥᠮᠦᠵᠢᠯ ᠪᠣᠯᠪᠠᠰᠤᠷᠠᠭᠤᠯᠤᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠴᠢᠩᠭ᠎ᠠ ᠬᠠᠮᠢᠶᠠᠷᠬᠤ ᠪᠠ ᠵᠤᠵᠠᠭᠠᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠭᠤᠷᠪᠠ ᠶᠢ ᠢᠯᠭᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠰᠡᠳᠬᠢᠯ ᠰᠠᠨᠠᠭ᠎ᠠ ᠠᠮᠤᠷ ᠠᠵᠢᠯᠯᠠᠵᠤ ᠦᠢᠯᠡᠰ ᠪᠣᠰᠬᠠᠬᠤ ᠪᠣᠯᠭᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠣᠯᠭᠤᠮᠵᠢ ᠶᠢ ᠪᠠᠲᠤᠯᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠵᠡᠷᠭᠡ ᠳᠡᠪᠰᠢᠬᠦ ᠵᠠᠮ ᠢ ᠰᠠᠭᠠᠳ ᠦᠭᠡᠢ ᠨᠠᠪᠲᠠᠷᠡᠭᠦᠯᠵᠦ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠤᠯᠤᠰ ᠤᠨ  ᠦᠮᠴᠢᠯᠡᠯᠡᠳᠦ ᠠᠵᠤ ᠠᠬᠤᠶᠢᠯᠠᠯ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠣᠷᠣᠨ ᠤ ᠲᠥᠪ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ᠤᠳᠤ ᠦᠶ᠎ᠡ ᠶᠢᠨ ᠠᠵᠤ ᠦᠢᠯᠡᠰ᠂ ᠰᠤᠷᠭᠠᠨ ᠬᠥᠮᠦᠵᠢᠯ ᠡᠮ ᠡᠮᠨᠡᠯᠭᠡ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠳᠤ ᠲᠦᠰᠢᠭᠯᠡᠨ ᠬᠥᠮᠥᠨ ᠠᠮᠠ ᠶᠢ ᠲᠥᠪᠯᠡᠷᠡᠭᠦᠯᠵᠦ᠂ ᠪᠦᠬᠦ ᠲᠠᠯ᠎ᠠ ᠶᠢᠨ᠂ ᠪᠦᠬᠦ ᠦᠶᠡᠯᠡᠯ ᠤᠨ ᠬᠤᠭᠤᠴᠠᠭᠠᠨ ᠤ ᠴᠢᠳᠠᠪᠤᠷᠢᠲᠠᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠢ ᠣᠷᠣᠨ ᠤ ᠲᠥᠪ ᠲᠤ ᠣᠷᠣᠰᠢᠨ ᠲᠣᠭᠲᠠᠨᠢᠵᠤ᠂ ᠰᠠᠨᠠᠭ᠎ᠠ ᠠᠮᠤᠷ ᠠᠵᠢᠯ ᠦᠢᠯᠡᠰ ᠲᠤ ᠣᠷᠣᠯᠴᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠨᠠᠮ ᠤᠨ ᠭᠡᠰᠢᠭᠦᠨ ᠢ ᠬᠠᠮᠢᠶᠠᠷᠬᠤ᠂ ᠺᠠᠳ᠋ᠷ ᠢ ᠬᠠᠮᠢᠶᠠᠷᠬᠤ᠂ ᠴᠢᠳᠠᠪᠤᠷᠢᠲᠠᠨ ᠢ ᠬᠠᠮᠢᠶᠠᠷᠬᠤ ᠴᠢᠬᠤᠯᠠ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠬᠦᠴᠦᠯᠡᠨ ᠴᠢᠩᠭᠠᠳᠬᠠᠵᠤ᠂ ᠨᠠᠮ ᠳᠠᠭᠠᠨ ᠦᠨᠡᠨᠴᠢ ᠰᠢᠳᠤᠷᠭᠤ᠂ ᠢᠲᠡᠭᠡᠯ ᠪᠠᠲᠤ ᠤᠯᠤᠰ ᠲᠦᠷᠦ ᠶᠢᠨ ᠬᠡᠪ ᠰᠤᠷᠲᠠᠯ ᠢ ᠤᠯᠠᠮ ᠴᠢᠨᠠᠭᠰᠢᠳᠠ ᠳᠠᠪᠲᠠᠨ ᠪᠣᠯᠪᠠᠰᠤᠷᠠᠭᠤᠯᠵᠤ ᠂ ᠲᠥᠪ ᠭᠤᠣᠯᠴᠢ ᠲᠥᠪ ᠴᠢᠬᠡᠴᠢ᠂ ᠡᠷᠳᠡᠮᠲᠡᠨ ᠮᠡᠷᠭᠡᠳ ᠢ ᠯᠡ ᠬᠡᠷᠡᠭᠯᠡᠬᠦ ᠲᠤᠬᠠᠶᠢᠯᠠᠭᠰᠠᠨ ᠠᠵᠢᠯ ᠤᠨ ᠬᠡᠪ ᠰᠤᠷᠲᠠᠯ ᠢ ᠬᠢᠴᠢᠶᠡᠩᠭᠦᠶᠢᠯᠡᠨ ᠰᠠᠬᠢᠵᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠪᠠᠳᠠᠷᠠᠭᠤᠯᠵᠤ᠂ ᠵᠢᠱᠢᠶᠡᠴᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠣᠯᠣᠨ ᠴᠠᠭᠠᠷᠠᠭᠰᠠᠨ ᠵᠣᠬᠢᠶᠠᠨ ᠪᠠᠶᠢᠭᠤᠯᠬᠤ ᠠᠵᠢᠯ ᠤᠨ ᠡᠩᠨᠡᠭᠡ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠢ ᠭᠡᠵᠡᠢ᠃       ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠬᠠᠢ ᠹᠧᠩ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠠᠩ ᠵᠢᠩ ᠮᠢᠨ ᠬᠤᠷᠠᠯ ᠳᠤ ᠣᠷᠣᠯᠴᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠤᠨ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠤ᠂ ᠬᠡᠰᠡᠭ ᠭᠠᠵᠠᠷ ᠣᠷᠣᠨ ᠪᠣᠯᠣᠨ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃      ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1