ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠨᠠᠢᠮᠠᠨ ᠰᠠᠷ᠎ᠠ ᠶᠢᠨ ᠲᠡᠷᠭᠡᠯ ᠪᠠᠶᠠᠷ︾᠂ ︽ᠤᠯᠤᠰ ᠤᠨ ᠪᠠᠶᠠᠷ︾ ᠤᠨ ᠬᠤᠣᠰ ᠪᠠᠶᠠᠷ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/9/20
      ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ︾ ︽ᠤᠯᠤᠰ ᠤᠨ ᠪᠠᠶᠠᠷ︾ ᠤᠨ ᠬᠤᠣᠰ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠠᠷ ᠤᠨ ᠡᠳᠦᠷ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠤ ᠵᠠᠬ᠎ᠠ ᠳᠡᠯᠭᠡᠭᠦᠷ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃
    ᠲᠣᠰ ᠤᠳᠠᠭᠠᠨ ᠤ ᠲᠤᠰᠬᠠᠢ ᠪᠠᠶᠢᠴᠠᠭᠠᠯᠲᠠ ᠳᠤ᠂ ᠲᠣᠰ ᠲᠣᠪᠴᠢᠶ᠎ᠠ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠡᠷᠡᠭᠯᠡᠭᠡᠨ ᠤ ᠣᠨᠴᠠᠯᠢᠭ ᠲᠠᠢ ᠪᠠᠨ ᠤᠶᠠᠯᠳᠤᠭᠤᠯᠤᠨ᠂ ᠶᠧᠪᠡᠩ᠂ ᠵᠢᠮᠢᠰ᠂ ᠴᠠᠭᠠᠨ ᠢᠳᠡᠭᠡ᠂ ᠮᠢᠬᠠᠨ ᠤ ᠵᠦᠢᠯ᠂ ᠤᠰᠤᠨ ᠭᠠᠷᠤᠯᠲᠠ ᠵᠡᠷᠭᠡ ᠪᠠᠷ ᠭᠤᠣᠯᠳᠠᠯᠭ᠎ᠠ ᠲᠠᠢ ᠲᠥᠷᠥᠯ ᠵᠦᠢᠯ ᠪᠣᠯᠭᠠᠵᠤ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠬᠡᠦᠬᠡᠳ ᠤᠨ ᠴᠡᠴᠡᠷᠯᠢᠭ᠂ ᠢᠳᠡᠭᠡᠨ ᠤᠮᠳᠠᠭᠠᠨ ᠤ ᠨᠢᠭᠡᠴᠡ ᠵᠢᠴᠢ ᠲᠣᠮᠣ ᠬᠡᠯᠪᠡᠷᠢ ᠶᠢᠨ ᠪᠠᠭᠤᠳᠠᠯ ᠵᠡᠷᠭᠡ ᠲᠠᠯᠠᠪᠤᠷ ᠢᠶᠠᠷ ᠭᠤᠣᠯᠳᠠᠯᠭ᠎ᠠ ᠲᠠᠢ ᠣᠷᠣᠨ ᠪᠦᠰᠡ ᠪᠣᠯᠭᠠᠵᠤ᠂ ᠬᠢᠨᠠᠯᠲᠠ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠢᠳᠡᠭᠡᠨ ᠦᠢᠯᠡᠳᠪᠦᠷᠢᠯᠡᠵᠦ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃
     ᠲᠤᠰᠬᠠᠢ ᠵᠦᠢᠯ ᠤᠨ ᠪᠠᠶᠢᠴᠠᠭᠠᠯᠲᠠ ᠬᠢᠬᠦ ᠶᠠᠪᠤᠴᠠ ᠳᠤ᠂ ᠪᠠᠶᠢᠴᠠᠭᠠᠬᠤ ᠠᠵᠢᠯᠲᠠᠨ ᠪᠠᠷᠠᠭ᠎ᠠ ᠣᠷᠣᠭᠤᠯᠬᠤ ᠠᠴᠠ ᠭᠡᠷᠡᠴᠢ ᠪᠠᠷᠢᠮᠲᠠ ᠠᠪᠴᠤ᠂ ᠢᠳᠡᠭᠡᠨ ᠤ ᠱᠣᠰᠢᠭ᠎ᠠ ᠲᠡᠮᠳᠡᠭ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ᠂ ᠭᠡᠷᠡᠴᠢ ᠦᠨᠡᠮᠯᠡᠯ ᠤᠨ ᠮᠡᠳᠡᠭᠡ ᠵᠠᠩᠭᠢ ᠶᠢ ᠢᠯᠡ ᠨᠡᠶᠢᠲᠡᠯᠡᠭᠰᠡᠨ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠨ ᠴᠡᠪᠡᠷᠯᠡᠵᠦ ᠠᠷᠢᠭᠤᠳᠬᠠᠨ ᠴᠡᠪᠡᠷᠯᠡᠭᠰᠡᠨ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ ᠳᠤ ᠭᠡᠷᠡᠴᠢ ᠪᠠᠷᠢᠮᠲᠠ ᠠᠪᠤᠭᠰᠠᠨ ᠵᠢᠴᠢ ᠪᠠᠶᠢᠴᠠᠭᠠᠨ ᠰᠢᠯᠭᠠᠵᠤ ᠳᠠᠩᠰᠠᠯᠠᠭᠰᠠᠨ᠂ ᠢᠳᠡᠭᠡᠨ ᠢ ᠡᠳ᠋ᠰᠢᠭᠦᠯᠬᠦ᠂ ᠲᠣᠮᠣ ᠬᠡᠯᠪᠡᠷᠢ ᠶᠢᠨ ᠬᠠᠮᠲᠤ ᠶᠢᠨ ᠬᠤᠭᠤᠯᠠ ᠶᠢ ᠳᠠᠩᠰᠠᠯᠠᠭᠰᠠᠨ᠂ ᠢᠳᠡᠭᠡᠨ ᠤ ᠶᠠᠩᠵᠤ ᠦᠯᠡᠳᠡᠭᠡᠭᠰᠡᠨ ᠂ ᠬᠤᠭᠤᠯᠠᠨ ᠭᠡᠷ ᠤᠨ ᠬᠠᠶᠠᠭᠳᠠᠮᠠᠯ ᠪᠣᠳᠠᠰ ᠢ ᠰᠢᠢᠳᠪᠦᠷᠢᠯᠡᠭᠰᠡᠨ ᠪᠠᠶᠢᠳᠠᠯ ᠵᠡᠷᠭᠡ ᠪᠦᠬᠦ ᠭᠤᠭᠴᠤᠭ᠎ᠠ ᠶᠢ ᠨᠢᠭᠡᠳ ᠨᠢᠭᠡ ᠪᠠᠷ ᠨᠠᠷᠢᠨ ᠨᠢᠮᠪᠠᠢ ᠪᠠᠶᠢᠴᠠᠭᠠᠵᠤ᠂ ᠡᠭᠦᠨ ᠤ ᠬᠠᠮᠲᠤ ᠪᠠᠶᠠᠷ ᠤᠨ ᠡᠳᠦᠷ ᠤᠨ ᠬᠤᠭᠤᠴᠠᠭᠠᠨ ᠳᠤ ᠠᠶᠠᠨᠴᠢᠳ ᠤᠨ ᠲᠤᠭ᠎ᠠ ᠳᠠᠬᠢᠨ ᠢᠶᠠᠷ ᠨᠡᠮᠡᠭᠳᠡᠭᠰᠡᠨ ᠪᠠᠶᠢᠳᠠᠯ ᠲᠠᠢ ᠤᠶᠠᠯᠳᠤᠭᠤᠯᠤᠨ᠂ ᠢᠳᠡᠭᠡᠨ ᠤᠮᠳᠠᠭᠠᠨ ᠤ ᠨᠢᠭᠡᠴᠡ ᠶᠢᠨ ᠬᠤᠭᠤᠯᠠ ᠢᠳᠡᠬᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠭᠡᠷᠡᠴᠢ ᠪᠠᠷᠢᠮᠲᠠ ᠠᠪᠴᠤ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠢᠯᠠᠩᠭᠤᠶ᠎ᠠ ᠬᠦᠢᠲᠡᠨ ᠬᠡᠯᠬᠢᠶᠡᠲᠦ ᠢᠳᠡᠭᠡᠨ ᠤ ᠬᠠᠮᠢᠶᠠᠷᠤᠯᠲᠠ ᠵᠡᠷᠭᠡ ᠳᠤ ᠨᠠᠩ ᠴᠢᠩᠭ᠎ᠠ ᠱᠠᠭᠠᠷᠳᠠᠯᠭ᠎ᠠ ᠳᠤᠷᠠᠳᠴᠤ᠂ ᠢᠳᠡᠭᠡᠨ ᠤᠮᠳᠠᠭᠠᠨ ᠤ ᠨᠢᠭᠡᠴᠡ ᠶᠢᠨ ᠬᠠᠷᠢᠭᠤᠴᠠᠯᠭᠠᠲᠠᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠬᠤ ᠶᠢ ᠰᠢᠮᠳᠠᠭᠤᠯᠪᠠ᠃
     ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠣᠰ ᠪᠠᠶᠠᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ ᠂ ᠪᠠᠶᠠᠷ ᠳᠤᠷᠠᠰᠬᠠᠯ ᠤᠨ ᠡᠳᠦᠷ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠲᠥᠪ ᠭᠤᠣᠯᠴᠢ ᠡᠮᠬᠢ ᠳᠢᠭᠯᠢᠮ ᠲᠠᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠷᠭᠡᠨ ᠤᠯᠠᠨ ᠲᠦᠮᠡᠨ ᠤ ᠪᠠᠶᠠᠷ ᠤᠨ ᠡᠳᠦᠷ ᠢᠶᠠᠨ ᠪᠠᠶᠠᠷ ᠬᠦᠷ ᠲᠠᠢ ᠥᠩᠭᠡᠷᠡᠭᠦᠯᠬᠦ ᠶᠢ ᠪᠠᠲᠤᠯᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1