ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/9/20
      ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠲᠤᠬᠠᠢ ᠮᠡᠳᠡᠭᠳᠡᠯᠡᠯ᠎ᠡ ᠪᠠᠯᠭᠠᠰᠤ᠂ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠡᠰᠢ ᠰᠦᠷᠡᠯ ᠢ ᠰᠢᠲᠠᠭᠠᠬᠤ ᠠᠴᠠ ᠪᠣᠯᠤᠭᠰᠠᠨ ᠭᠠᠯ ᠤᠨ ᠭᠠᠮᠰᠢᠭ ᠤᠨ ᠠᠳᠡᠯ ᠢ ᠤᠯᠠᠮ ᠨᠢᠭᠡ ᠠᠯᠬᠤᠮ ᠤᠷᠢᠳᠴᠢᠯᠠᠨ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠳᠤᠯᠠᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠤᠯᠪᠣᠭᠳᠠᠯ ᠪᠦᠬᠦᠢ ᠵᠦᠢᠯᠡᠰ ᠢ ᠤᠳᠤ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠦᠬᠦ ᠵᠢᠯ ᠳᠤ ᠶᠠᠮᠠᠷᠪᠠ ᠨᠢᠭᠡᠴᠡ ᠪᠠ ᠬᠤᠪᠢ ᠬᠥᠮᠥᠨ ᠤ ᠲᠠᠷᠢᠮᠠᠯ ᠤᠨ ᠡᠰᠢ ᠰᠦᠷᠡᠯ ᠢ ᠵᠠᠳᠠᠭᠠᠢ ᠪᠠᠷ ᠰᠢᠲᠠᠭᠠᠬᠤ ᠶᠢ ᠪᠦᠬᠦ ᠣᠷᠣᠨ ᠢᠶᠠᠷ ᠢᠶᠠᠨ ᠴᠠᠭᠠᠵᠠᠯᠠᠨ᠎ᠠ᠃      ᠬᠤᠶᠠᠷ᠂ ᠵᠠᠳᠠᠭᠠᠢ ᠡᠰᠢ ᠰᠦᠷᠡᠯ ᠢ ᠰᠢᠲᠠᠭᠠᠵᠤ ᠤᠲᠤᠭ᠎ᠠ ᠲᠣᠭᠤᠰᠣᠨ ᠤ ᠪᠣᠬᠢᠷᠲᠤᠯ ᠪᠣᠳᠠᠰ ᠡᠭᠦᠰᠬᠡᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠵᠠᠭᠤ ᠠᠷᠪᠠ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ᠂ ᠵᠠᠭᠤ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠶᠢᠨ ᠬᠠᠮᠲᠤ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠭᠡᠵᠦ ᠪᠣᠯᠣᠨ᠎ᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠪᠤᠶᠤ ᠣᠶ ᠰᠢᠭᠤᠢ᠂ ᠡᠪᠡᠰᠦᠲᠦ ᠭᠠᠵᠠᠷ᠂ ᠪᠠᠷᠢᠯᠭ᠎ᠠ ᠵᠡᠷᠭᠡ ᠶᠢᠨ ᠭᠠᠯ ᠤᠨ ᠭᠠᠮᠰᠢᠭ ᠤᠨ ᠠᠳᠡᠯ ᠭᠠᠷᠭᠠᠭᠰᠠᠨ ᠪᠠᠶᠢᠪᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠣᠶ ᠰᠢᠭᠤᠢ᠂ ᠲᠠᠷᠢᠶᠠᠯᠠᠩ ᠮᠠᠯ ᠠᠵᠤ ᠠᠬᠤᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠣᠰ ᠲᠣᠰ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠬᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠷᠪᠠ᠂ ᠵᠠᠳᠠᠭᠠᠢ ᠭᠠᠵᠠᠷ ᠲᠤ ᠲᠠᠷᠢᠮᠠᠯ ᠤᠨ ᠡᠰᠢ ᠰᠦᠷᠡᠯ ᠢ ᠰᠢᠲᠠᠭᠠᠵᠤ᠂ ᠡ᠊ᠨᠳᠡᠯ ᠠᠴᠠ ᠪᠣᠯᠵᠤ ᠭᠠᠯ ᠭᠠᠷᠤᠭᠰᠠᠨ ᠪᠣᠯᠪᠠᠴᠤ ᠶᠠᠯ᠎ᠠ ᠪᠣᠯᠵᠤ ᠪᠦᠷᠢᠯᠳᠦᠭᠰᠡᠨ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ︾ ᠶᠢᠨ ᠵᠢᠷᠠᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ 10 ᠡᠳᠦᠷ ᠠᠴᠠ ᠳᠡᠭᠡᠭᠰᠢ 15 ᠡᠳᠦᠷ ᠠᠴᠠ ᠳᠣᠭᠤᠭᠰᠢ ᠲᠦᠷ ᠬᠤᠷᠢᠬᠤ ᠪᠠᠷ ᠰᠢᠳᠭᠡᠵᠦ᠂ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠦ ᠪᠣᠯᠣᠨ᠎ᠠ︔ ᠥᠢᠯᠡ ᠪᠠᠶᠢᠳᠠᠯ ᠨᠢ ᠬᠥᠩᠭᠡᠨ ᠪᠠᠶᠢᠪᠠᠯ ᠳᠣᠩᠭᠤᠳᠬᠤ ᠪᠤᠶᠤ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃      ᠳᠥᠷᠪᠡ᠂ ᠵᠠᠳᠠᠭᠠᠢ ᠭᠠᠵᠠᠷ ᠲᠤ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠢᠳᠬᠠᠨ ᠬᠤᠷᠢᠭᠯᠠᠵᠤ᠂ ᠬᠤᠷᠢᠭᠯᠠᠨ ᠵᠣᠭᠰᠤᠭᠠᠬᠤ ᠬᠡᠷᠡᠭᠲᠡᠢ᠃ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠲᠦᠷᠦ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢᠨ ᠲᠠᠪᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠳᠣᠩᠭᠤᠳᠬᠤ ᠪᠤᠶᠤ 200 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠥᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ 5 ᠡᠳᠦᠷ ᠠᠴᠠ ᠳᠡᠭᠡᠭᠰᠢ 10 ᠡᠳᠦᠷ ᠠᠴᠠ ᠳᠣᠭᠤᠭᠰᠢ ᠲᠥᠷ ᠬᠤᠷᠢᠬᠤ ᠪᠠᠷ ᠰᠢᠢᠳᠬᠡᠵᠦ᠂ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ ᠪᠣᠯᠣᠨ᠎ᠠ᠃ ᠲᠠᠷᠢᠮᠠᠯ ᠤᠨ ᠡᠰᠢ ᠰᠦᠷᠡᠯ ᠢ ᠰᠢᠲᠠᠭᠠᠭᠠᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ      ᠲᠠᠪᠤ᠂ ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠨ ᠬᠠᠮᠠᠭᠠᠯᠠᠬᠤ ᠲᠥᠪ ᠨᠢ ᠡᠰᠢ ᠰᠦᠷᠡᠯ ᠢ ᠵᠠᠳᠠᠭᠠᠢ ᠰᠢᠲᠠᠭᠠᠬᠤ ᠶᠢ ᠴᠠᠭᠠᠵᠠᠯᠠᠬᠤ ᠠᠵᠢᠯ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠠᠷᠢᠮᠠᠯ ᠤᠨ ᠬᠤᠷᠢᠶᠠᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠲᠤᠰᠬᠠᠢ ᠬᠥᠮᠥᠨ ᠲᠣᠮᠢᠯᠠᠨ ᠲᠣᠰᠬᠤᠨ ᠲᠠᠢ ᠬᠤᠯᠪᠤᠭᠠᠯᠠᠨ ᠳᠠᠭᠠᠳᠬᠠᠯ ᠢ ᠳᠠᠭᠠᠭᠠᠴᠢᠯᠠᠭᠤᠯᠵᠤ᠂ ᠤᠬᠠᠭᠤᠯᠬᠤ᠂ ᠲᠣᠭᠤᠷᠢᠨ ᠪᠠᠶᠢᠴᠠᠭᠠᠬᠤ᠂ ᠢᠳᠬᠠᠨ ᠬᠤᠷᠢᠭᠯᠠᠬᠤ ᠠᠵᠢᠯ ᠢ ᠥᠷᠨᠢᠭᠦᠯᠬᠦ ᠬᠡᠷᠡᠭᠲᠡᠢ᠃ ᠠᠵᠢᠯ ᠳᠠᠭᠠᠨ ᠬᠦᠴᠦᠨ ᠦᠭᠡᠢ ᠠᠴᠠ ᠪᠣᠯᠵᠤ ᠡᠰᠢ ᠰᠦᠷᠡᠯ ᠢ ᠰᠢᠲᠠᠭᠠᠵᠤ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠥᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠵᠢᠷᠭᠤᠭ᠎ᠠ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠨᠢ ᠡᠰᠢ ᠰᠦᠷᠡᠯ ᠢ ᠵᠠᠳᠠᠭᠠᠢ ᠰᠢᠲᠠᠭᠠᠬᠤ ᠶᠢ ᠴᠠᠭᠠᠵᠠᠯᠠᠬᠤ ᠳᠤ ᠪᠣᠳᠠᠲᠠᠢ ᠬᠠᠷᠢᠭᠤᠴᠠᠯᠭ᠎ᠠ ᠡᠭᠦᠷᠭᠡᠯᠡᠵᠦ᠂ ᠤᠬᠠᠭᠤᠯᠬᠤ᠂ ᠳᠠᠶᠢᠴᠢᠯᠠᠬᠤ᠂ ᠪᠠᠶᠢᠴᠠᠭᠠᠬᠤ ᠵᠡᠷᠭᠡ ᠡᠯ᠎ᠡ ᠵᠦᠢᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠡᠰᠢ ᠰᠦᠷᠡᠯ ᠢ ᠵᠠᠳᠠᠭᠠᠢ ᠰᠢᠲᠠᠭᠠᠬᠤ ᠶᠢ ᠴᠠᠭᠠᠵᠠᠯᠠᠬᠤ ᠶᠢ ᠮᠡᠳᠡᠬᠦ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠲᠤᠯᠠᠬᠤ ᠶᠢᠨ ᠬᠠᠮᠲᠤ ᠬᠥᠲᠥᠯᠥᠨ ᠵᠢᠯᠤᠭᠤᠳᠬᠤ᠂ ᠲᠣᠭᠤᠷᠢᠨ ᠪᠠᠶᠢᠴᠠᠭᠠᠬᠤ᠂ ᠢᠳᠬᠠᠨ ᠬᠤᠷᠢᠭᠯᠠᠬᠤ ᠶᠢ ᠴᠢᠩᠭᠠᠳᠬᠠᠵᠤ᠂ ᠢᠳᠬᠠᠨ ᠬᠤᠷᠢᠭᠯᠠᠬᠤ ᠶᠢ ᠥᠯᠥ ᠰᠣᠨᠣᠰᠤᠭᠰᠠᠳ ᠢ ᠴᠠᠭ ᠲᠤᠬᠠᠢ ᠳᠤᠨᠢ ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠴᠢ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃      ᠳᠣᠯᠤᠭ᠎ᠠ᠂ ᠨᠡᠶᠢᠭᠡᠮ ᠤᠨ ᠡᠯ᠎ᠡ ᠡᠲᠡᠭᠡᠳ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠤᠳ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠲᠤᠬᠠᠢ ᠤᠬᠠᠭᠤᠯᠭ᠎ᠠ ᠪᠠ ᠬᠢᠨᠠᠯᠲᠠ ᠪᠠᠨ ᠴᠢᠩᠭᠠᠳᠬᠠᠵᠤ᠂ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠶᠢᠨ ᠴᠢᠬᠤᠯᠠ ᠠᠴᠢ ᠬᠤᠯᠪᠣᠭᠳᠠᠯ ᠪᠠ ᠬᠤᠯᠪᠣᠭᠳᠠᠯ ᠪᠦᠬᠦᠢ ᠲᠣᠭᠲᠠᠭᠠᠯ ᠢ ᠶᠡᠬᠡᠪᠡᠷ ᠤᠬᠠᠭᠤᠯᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠤᠯᠪᠣᠭᠳᠠᠯ ᠪᠦᠬᠦᠢ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠤᠬᠠᠮᠰᠠᠷ ᠠᠴᠠ ᠪᠠᠨ ᠵᠢᠷᠤᠮᠯᠠᠭᠤᠯᠵᠤ᠂ ᠲᠠᠷᠢᠮᠠᠯ ᠤᠨ ᠡᠰᠢ ᠰᠦᠷᠡᠯ ᠢ ᠰᠢᠲᠠᠭᠠᠬᠤ ᠦᠶᠯᠡ ᠠᠵᠢᠯᠯᠠᠭ᠎ᠠ ᠶᠢ ᠡᠷᠡᠰ ᠵᠣᠭᠰᠤᠭᠠᠬᠤ ᠬᠡᠷᠡᠭᠲᠡᠢ᠃ ᠡᠭᠦᠨ ᠤ ᠵᠡᠷᠭᠡ ᠳᠤ ᠲᠠᠷᠢᠮᠠᠯ ᠤᠨ ᠡᠰᠢ ᠰᠦᠷᠡᠯ ᠢ ᠵᠠᠳᠠᠭᠠᠢ ᠰᠢᠲᠠᠭᠠᠵᠤ ᠪᠠᠶᠢᠭ᠎ᠠ ᠦᠵᠡᠭᠳᠡᠯ ᠢ ᠢᠯᠡᠴᠢᠯᠡᠨ᠎ᠡ᠃            ᠣᠨᠴᠠᠭᠠᠶᠢᠯᠠᠨ ᠮᠡᠳᠡᠭᠳᠡᠪᠡ᠃          ᠲᠣᠭᠲᠠᠬᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ  ᠠᠩᠬᠢ               2023 ᠣᠨ ᠤ 9 ᠳ᠋ᠤᠭᠡᠷ ᠰᠠᠷ᠎ᠠ ᠶᠢᠨ 19 ᠤ ᠡᠳᠦᠷᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1