ᠲᠣᠭᠲᠠᠬᠤ ᠰᠢᠶᠠᠨ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠤᠨ ︽ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠵᠤ ᠦᠨᠳᠦᠰᠦ ᠰᠠᠭᠤᠷᠢ ᠪᠠᠨ ᠪᠠᠲᠤᠳᠬᠠᠨ ᠪᠦᠯᠬᠦᠮᠳᠡᠨ ᠰᠢᠨ᠎ᠡ ᠠᠶᠠᠨ ᠵᠠᠮ ᠳᠤ ᠤᠷᠤᠭᠰᠢᠯᠠᠶ᠎ᠠ︾ ᠭᠡᠬᠦ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/9/25
      ᠣᠶᠢᠷ᠎ᠠ ᠳᠤ᠂ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠲᠥᠯᠥᠭᠡᠯᠡᠭᠴᠢ ᠬᠥᠮᠥᠰ ᠢ ᠵᠣᠬᠢᠶᠠᠨ ᠪᠠᠶᠢᠭᠤᠯᠵᠤ ︽ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠵᠤ ᠰᠠᠭᠤᠷᠢ ᠪᠠᠨ ᠪᠠᠲᠤᠳᠬᠠᠨ ᠪᠦᠯᠬᠦᠮᠳᠡᠨ ᠰᠢᠨ᠎ᠡ ᠠᠶᠠᠨ ᠳᠤ ᠤᠷᠤᠭᠰᠢᠯᠠᠶ᠎ᠠ︾ ᠭᠡᠬᠦ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃          ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠪᠣᠯᠣᠨ ᠱᠢ ᠲᠠᠢ ᠹᠥ᠋ᠩ ᠨᠥᠬᠦᠷ ᠤᠨ ︽ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠵᠤ ᠰᠠᠭᠤᠷᠢ ᠪᠠᠨ ᠪᠠᠲᠤᠳᠬᠠᠨ ᠪᠦᠯᠬᠦᠮᠳᠡᠨ ᠰᠢᠨ᠎ᠡ ᠠᠶᠠᠨ ᠳᠤ ᠤᠷᠤᠭᠰᠢᠯᠠᠶ᠎ᠠ︾ ᠭᠡᠬᠦ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠵᠠᠢ᠃ ᠲᠣᠭᠲᠠᠬᠤ ᠰᠢᠶᠠᠨ ᠤ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠨᠥᠬᠦᠷᠯᠡᠯ ᠤᠨ ᠬᠤᠷᠠᠯ ᠳᠤ ᠤᠨᠤᠯ ᠰᠤᠷᠤᠯᠴᠠᠬᠤ ᠨᠣᠮ ᠪᠢᠴᠢᠭ ᠬᠦᠷᠭᠡᠵᠦ᠂ ᠲᠣᠭᠲᠠᠬᠤ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠢ ᠪᠠᠳᠤᠳᠬᠠᠬᠤ ᠰᠠᠭᠤᠷᠢᠨ ᠭᠠᠵᠠᠷ ᠢᠶᠠᠷ ᠲᠣᠭᠤᠷᠢᠨ ᠦᠵᠡᠪᠡ᠃      ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠳᠡᠭᠡᠷ᠎ᠡ᠂ ᠠᠩᠬᠠᠳᠤᠭᠠᠷ ᠤᠳᠠᠭ᠎ᠠ ᠶᠢᠨ ᠨᠡᠶᠢᠭᠡᠮᠯᠢᠭ ᠤᠨ ᠳᠠᠷᠤᠭ᠎ᠠ ᠨᠠᠷ ᠤᠨ ᠬᠤᠷᠠᠯ ᠢ ᠲᠣᠬᠢᠷᠠᠭᠤᠯᠤᠨ ᠬᠤᠷᠠᠯᠳᠤᠭᠤᠯᠪᠠ᠃ ᠨᠡᠶᠢᠭᠡᠮᠯᠢᠭ ᠤᠨ ᠳᠠᠷᠤᠭ᠎ᠠ ᠨᠠᠷ ᠤᠨ ᠬᠤᠷᠠᠯᠳᠤᠭᠠᠨ ᠳᠤ ᠭᠡᠰᠢᠭᠦᠨ ᠡᠯᠰᠡᠬᠦ᠂ ᠳᠠᠩᠰᠠᠯᠠᠭᠤᠯᠬᠤ᠂ ᠭᠡᠰᠢᠭᠦᠳ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠵᠡᠷᠭᠡ ᠠᠵᠢᠯ ᠢ ᠭᠤᠣᠯᠳᠠᠯᠭ᠎ᠠ ᠲᠠᠢ ᠪᠠᠷ ᠲᠣᠬᠢᠷᠠᠭᠤᠯᠵᠠᠢ᠃ ᠨᠡᠶᠢᠭᠡᠮᠯᠢᠭ ᠤᠨ ᠳᠠᠷᠤᠭ᠎ᠠ ᠨᠠᠷ ᠤᠨ ᠬᠤᠷᠠᠯ ᠠᠴᠠ ᠪᠦᠬᠦ ᠭᠡᠰᠢᠭᠦᠳ ᠢ ᠨᠥᠬᠦᠷᠯᠡᠯ ᠤᠨ ᠬᠤᠷᠠᠯ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠵᠦ᠂ ᠨᠡᠶᠢᠭᠡᠮᠯᠢᠭ ᠤᠨ ᠭᠡᠰᠢᠭᠦᠳ ᠢ ᠶᠡᠬᠡᠪᠡᠷ ᠲᠠᠨᠢᠯᠴᠠᠭᠤᠯᠵᠤ᠂ ᠨᠡᠶᠢᠭᠡᠮᠯᠢᠭ ᠤᠨ ᠳᠠᠷᠤᠭ᠎ᠠ᠂ ᠨᠠᠷᠢᠨ ᠪᠢᠴᠢᠭ ᠤᠨ ᠭᠠᠵᠠᠷ᠂ ᠨᠡᠶᠢᠭᠡᠮᠯᠢᠭ ᠤᠨ ᠳᠡᠳ᠋ ᠳᠠᠷᠤᠭ᠎ᠠ ᠳᠤ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢᠨ ᠰᠠᠨᠠᠭᠤᠯᠭ᠎ᠠ ᠶᠢ ᠢᠳᠡᠪᠬᠢᠲᠡᠢ ᠬᠠᠩᠭᠠᠵᠤ᠂ ᠨᠥᠬᠦᠷᠯᠡᠯ ᠤᠨ ᠬᠤᠷᠠᠯ ᠤᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠰᠠᠨᠠᠭᠠᠴᠢᠯᠠᠪᠠ᠃      ᠨᠡᠶᠢᠭᠡᠮᠯᠢᠭ ᠤᠨ ᠳᠠᠷᠤᠭ᠎ᠠ ᠨᠠᠷ ᠤᠨ ᠬᠤᠷᠠᠯ ᠠᠴᠠ᠂ ᠪᠦᠬᠦ ᠭᠡᠰᠢᠭᠦᠳ ︽ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠵᠤ ᠰᠠᠭᠤᠷᠢ ᠪᠠᠨ ᠪᠠᠲᠤᠳᠬᠠᠨ ᠪᠦᠯᠬᠦᠮᠳᠡᠨ ᠰᠢᠨ᠎ᠡ ᠠᠶᠠᠨ ᠳᠤ ᠤᠷᠤᠭᠰᠢᠯᠠᠶ᠎ᠠ︾ ᠤᠨ ᠭᠤᠣᠯ ᠰᠡᠳᠦᠪᠲᠦ ᠬᠥᠮᠦᠵᠢᠯ ᠳᠤ ᠢᠳᠡᠪᠬᠢᠲᠡᠢ ᠣᠷᠣᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠦᠢᠯᠡᠰ ᠲᠤ ᠢᠳᠡᠪᠬᠢᠲᠡᠢ ᠣᠷᠣᠯᠴᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠲᠣᠭᠲᠠᠬᠤ ᠰᠢᠶᠠᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠢᠨ᠎ᠡ ᠳᠠᠪᠬᠤᠷᠭ᠎ᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1