ᠬᠠᠩᠵᠸᠦ ᠶᠢᠨ ᠠᠽᠢᠶ᠎ᠠ ᠶᠢᠨ ᠪᠡᠶ᠎ᠡ ᠶᠢᠨ ᠲᠠᠮᠢᠷ ᠤᠨ ᠴᠣᠭᠯᠠᠭᠠᠨ ᠤ ᠵᠠᠷᠢᠮ ᠲᠥᠷᠦᠯ ᠵᠦᠢᠯ ᠤᠷᠢᠳᠠᠪᠠᠷ ᠡᠬᠢᠯᠡᠪᠡ
ᠨᠡᠶᠢᠲᠡᠯᠡᠭᠰᠡᠨ ᠴᠠᠭ᠄
2023/9/25
      19 ᠤ ᠡᠳᠦᠷ ᠪᠣᠯᠲᠠᠯ᠎ᠠ ᠬᠠᠩᠵᠸᠦ ᠳᠤ ᠪᠣᠯᠬᠤ 19 ᠳ᠋ᠦ᠋ᠭᠡᠷ ᠬᠤᠭᠤᠴᠠᠭᠠᠨ ᠤ ᠠᠽᠢᠶ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠬᠦ ᠳᠤ ᠪᠠᠰᠠ ᠳᠥᠷᠪᠡᠨ ᠡᠳᠦᠷ ᠦᠯᠡᠳᠡᠭᠡᠦᠨ ᠪᠠᠶᠢᠨ᠎ᠠ᠃ ᠬᠠᠩᠵᠸᠦ ᠶᠢᠨ ᠠᠽᠢᠶ᠎ᠠ ᠶᠢᠨ ᠪᠡᠶ᠎ᠡ ᠶᠢᠨ  ᠲᠠᠮᠢᠷ ᠤᠨ ᠴᠤᠭᠯᠠᠭᠠᠨ ᠤ ᠬᠡᠪᠯᠡᠯ ᠮᠡᠳᠡᠭᠡᠯᠡᠯ ᠤᠨ ᠲᠥᠪ ᠤᠨ ᠬᠢᠨ 18 ᠤ ᠡᠳᠦᠷ ᠠᠯᠪᠠᠨ ᠶᠤᠰᠤᠭᠠᠷ ᠠᠵᠢᠯ ᠢᠶᠠᠨ  ᠡᠬᠢᠯᠡᠭᠰᠡᠨ ᠪᠠᠶᠢᠨ᠎ᠠ᠃ ᠥᠨᠥᠳᠦᠷ᠂ ᠬᠠᠩᠵᠸᠦ ᠶᠢᠨ ᠠᠽᠢᠶ᠎ᠠ ᠶᠢᠨ ᠪᠡᠶ᠎ᠡ ᠶᠢᠨ ᠲᠠᠮᠢᠷ ᠤᠨ ᠴᠣᠭᠯᠠᠭᠠᠨ ᠤ ᠬᠥᠯ ᠪᠥᠮᠪᠦᠭᠡ᠂ ᠠᠯᠠᠭᠠᠳᠠᠬᠤ ᠪᠥᠪᠦᠭᠡ᠂ ᠡᠯᠡᠰᠦᠨ ᠲᠠᠩ ᠤᠨ ᠠᠯᠠᠭᠠᠳᠠᠬᠤ ᠪᠥᠮᠪᠦᠭᠡ᠂ ᠠᠩᠭᠧᠯᠢ ᠪᠥᠮᠪᠦᠭᠡ ᠵᠡᠷᠭᠡ ᠲᠥᠷᠦᠯ ᠵᠦᠢᠯ ᠤᠨ ᠤᠷᠤᠯᠳᠤᠭᠠᠨ ᠤᠷᠢᠳᠠᠪᠠᠷ ᠶᠠᠪᠤᠭᠳᠠᠬᠤ ᠪᠣᠯᠣᠨ᠎ᠠ᠃                      ᠬᠠᠩᠵᠸᠦ ᠶᠢᠨ ᠠᠽᠢᠶ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠤ  ᠬᠡᠪᠯᠡᠯ  ᠮᠡᠳᠡᠭᠡᠯᠡᠯ ᠤᠨ ᠲᠥᠪ ᠲᠤ ᠰᠣᠨᠢᠨ ᠮᠡᠳᠡᠭᠡᠨ ᠤ ᠲᠥᠪ᠂ ᠣᠯᠠᠨ ᠤᠯᠤᠰ ᠤᠨ ᠷᠠᠳᠢᠤ᠋ ᠶᠢᠨ ᠲᠥᠪ᠂ ᠠᠮᠢᠳᠤᠷᠠᠯ ᠤᠨ ᠦᠢᠯᠡᠴᠢᠯᠡᠭᠡᠨ ᠤ ᠲᠥᠪ ᠪᠠ  ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠥᠪ ᠵᠡᠷᠭᠡ ᠪᠠᠭᠲᠠᠵᠤ ᠪᠠᠶᠢᠨ᠎ᠠ᠃ ᠲᠥᠪ ᠭᠠᠵᠠᠷ ᠨᠢ 9 ᠳ᠋ᠦ᠋ᠭᠡᠷ ᠰᠠᠷ᠎ᠠ ᠶᠢᠨ 17 ᠤ ᠡᠳᠦᠷ ᠠᠴᠠ 10 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ ᠠᠵᠢᠯᠯᠠᠵᠤ᠂ ᠬᠠᠩᠵᠸᠦ ᠶᠢᠨ ᠠᠽᠢᠶ᠎ᠠ ᠶᠢᠨ ᠪᠡᠶ᠎ᠡ ᠶᠢᠨ  ᠲᠠᠮᠢᠷ ᠤᠨ ᠴᠤᠭᠯᠠᠭᠠᠨ ᠤ ᠬᠡᠪᠯᠡᠯ ᠮᠡᠳᠡᠭᠡᠯᠡᠯ ᠤᠨ ᠲᠥᠪ ᠤᠨ ᠬᠢᠨ ᠡᠳᠦᠷ ᠪᠣᠯᠭᠠᠨ 24 ᠴᠠᠭ ᠢᠶᠠᠷ ᠬᠡᠪᠯᠡᠯ ᠮᠡᠳᠡᠭᠡᠯᠡᠯ ᠳᠤ ᠦᠢᠯᠡᠴᠢᠯᠡᠭᠡ ᠬᠠᠩᠭᠠᠵᠤ᠂ ᠲᠦᠮᠡ ᠭᠠᠷᠤᠢ ᠬᠡᠪᠯᠡᠯ ᠮᠡᠳᠡᠭᠡᠯᠡᠯ ᠤᠨ ᠰᠤᠷᠪᠤᠯᠵᠢᠯᠠᠭᠴᠢ ᠠᠳᠡ ᠤᠷᠤᠯᠳᠤᠭᠠᠨ ᠤ ᠪᠠᠶᠢᠳᠠᠯ ᠢ ᠮᠡᠳᠡᠭᠡᠯᠡᠬᠦ ᠪᠣᠯᠣᠨ᠎ᠠ᠃                      ᠥᠨᠥᠳᠦᠷ᠂ ᠬᠠᠩᠵᠸᠦ ᠶᠢᠨ ᠠᠽᠢᠶ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠯᠡᠰᠦᠨ ᠲᠠᠩ ᠤᠨ ᠠᠯᠠᠭᠠᠳᠠᠬᠤ ᠪᠥᠮᠪᠦᠭᠡ᠂ ᠠᠩᠭᠧᠯᠢ ᠪᠥᠮᠪᠦᠭᠡ᠂ ᠠᠯᠠᠭᠠᠳᠠᠬᠤ ᠪᠥᠮᠪᠦᠭᠡ᠂ ᠬᠥᠯ ᠪᠥᠮᠪᠦᠭᠡ ᠵᠡᠷᠭᠡ ᠬᠡᠰᠡᠭ ᠤᠷᠤᠯᠳᠤᠭᠠᠨ ᠡᠬᠢᠯᠡᠬᠦ ᠪᠠᠷ ᠪᠠᠶᠢᠨ᠎ᠠ᠃ ᠥᠴᠥᠭᠡᠳᠦᠷ ᠦᠳᠡ ᠶᠢᠨ ᠡᠮᠦᠨ᠎ᠡ᠂ ᠨᠢᠩᠪᠥ᠋ᠸᠧ ᠶᠢᠨ ᠰᠢᠶᠠᠩ ᠱᠠᠨ ᠤ ᠡᠯᠡᠰᠦᠨ ᠲᠠᠩ ᠤᠨ ᠠᠯᠠᠭᠠᠳᠠᠬᠤ ᠪᠥᠮᠪᠦᠭᠡ ᠶᠢᠨ ᠲᠥᠪ ᠤᠨ ᠲᠠᠪᠤᠨ ᠣᠷᠳᠤᠨ ᠲᠠᠯᠠᠪᠤᠷ ᠪᠦᠷ ᠣᠷᠤᠯᠳᠤᠭᠠᠨ ᠶᠠᠪᠤᠭᠳᠠᠬᠤ ᠳᠤ ᠪᠡᠯᠡᠬᠡᠨ ᠪᠣᠯᠵᠤ᠂ ᠺᠣᠷᠧᠶ᠎ᠠ᠂ ᠢᠷᠡᠨ᠂ ᠢᠨᠳᠤᠨᠧᠰᠢᠶ᠎ᠠ ᠪᠠ ᠳᠤᠮᠳᠠᠳᠤ ᠤᠯᠤᠰ ᠤᠨ ᠣᠣᠮᠧᠨ ᠵᠡᠷᠭᠡ ᠤᠯᠤᠰ ᠣᠷᠤᠨ ᠤ ᠲᠥᠯᠦᠭᠡᠯᠡᠭᠴᠢᠦᠨ ᠤᠨ ᠪᠠᠭ ᠤᠨ ᠬᠢᠨ ᠠᠳᠡ ᠰᠤᠷᠢᠯᠲᠠ ᠪᠣᠯᠪᠠᠰᠤᠷᠠᠯ ᠬᠢᠭᠰᠡᠨ ᠪᠠᠶᠢᠨ᠎ᠠ᠃                      19 ᠤ ᠣᠷᠤᠢ᠂ ᠳᠤᠮᠳᠠᠳᠤ ᠤᠯᠤᠰ ᠤᠨ ᠡᠷᠡᠭᠲᠡᠢ ᠶᠢᠨ ᠬᠥᠯ ᠪᠥᠮᠪᠦᠭᠡ ᠶᠢᠨ ᠪᠠᠭ ᠤᠨ ᠬᠢᠨ ᠬᠠᠩᠵᠸᠦ ᠶᠢᠨ ᠬᠤᠸᠠᠩ ᠯᠦᠩ ᠪᠡᠶ᠎ᠡ ᠶᠢᠨ ᠲᠠᠮᠢᠷ ᠤᠨ ᠲᠥᠪ ᠭᠠᠵᠠᠷ ᠲᠤ ᠡᠨᠡᠦᠨᠬᠡᠭ ᠤᠨ ᠪᠠᠭ ᠲᠠᠢ ᠤᠷᠤᠯᠳᠤᠬᠤ ᠪᠣᠯᠣᠨ᠎ᠠ᠃ ᠢᠷᠡᠯᠳᠡ᠄ ᠠᠷᠠᠳ ᠤᠨ ᠰᠤᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1