ᠠᠮᠠᠷᠠᠯᠳᠠ ᠪᠠᠷ ᠪᠢᠯᠧᠲ ᠤᠨ ᠦᠨ᠎ᠡ ᠥᠰᠦᠨ᠎ᠡ ᠭᠡᠵᠦ ᠦᠦ︖
ᠨᠡᠶᠢᠲᠡᠯᠡᠭᠰᠡᠨ ᠴᠠᠭ᠄
2023/9/25
      ᠣᠶᠢᠷ᠎ᠠ ᠳᠤ᠂ ᠵᠠᠷᠢᠮ ᠰᠦᠯᠵᠢᠶ᠎ᠠ ᠠᠰᠢᠬᠯᠠᠬᠴᠢᠳ ᠤᠨ ᠬᠡᠯᠡᠬᠦ ᠪᠠᠷ᠂ ᠪᠡᠭᠡᠵᠢᠩ ᠠᠴᠠ ᠱᠧᠨᠵᠧᠨ ᠬᠦᠷᠬᠦ D  927 ᠬᠡᠪᠲᠡᠬᠦ ᠣᠷᠣ ᠲᠠᠢ ᠬᠤᠷᠳᠣᠨ ᠭᠠᠯᠳᠦ ᠲᠡᠷᠬᠡᠨ ᠤ ᠪᠢᠯᠧᠲ ᠶᠡᠷᠦ ᠶᠢᠨ ᠴᠠᠭ ᠲᠤ 1150 ᠲᠥᠭᠦᠷᠢᠭ  ᠪᠠᠶᠢᠭᠰᠠᠨ  ᠪᠣᠯ  9 ᠳ᠋ᠦ᠋ᠭᠡᠷ ᠰᠠᠷ᠎ᠠ ᠶᠢᠨ 28 ᠤ ᠡᠳᠦᠷ  ︵ᠤᠯᠤᠰ ᠤᠨ  ᠪᠠᠶᠠᠷ ᠤᠨ ᠠᠮᠠᠷᠠᠯᠲᠠ ᠶᠢᠨ  ᠡᠮᠦᠨ᠎ᠡ  ᠨᠢᠭᠡ  ᠡᠳᠦᠷ︶ ᠤᠨ  ᠦᠨ᠎ᠡ   ᠨᠢ ᠥᠰᠦᠭᠡᠳ 1860 ᠲᠥᠭᠦᠷᠢᠭ ᠪᠣᠯᠵᠤ᠂ ᠳᠣᠣᠷ᠎ᠠ ᠣᠷᠣ ᠨᠢ 2090 ᠲᠥᠭᠦᠷᠢᠭ ᠭᠦᠷᠦᠭᠰᠡᠨ ᠪᠠᠶᠢᠨ᠎ᠠ ᠭᠡᠵᠡᠢ᠃                              ᠡᠨᠡ ᠳᠣᠬᠠᠢ ᠰᠤᠷᠪᠤᠯᠵᠢᠯᠠᠭᠴᠢ 12306 ᠲᠠᠪᠴᠠᠩ ᠠᠴᠠ  ᠯᠠᠪᠯᠠᠭᠰᠠᠨ ᠤ  ᠳ᠋ᠦᠩ ᠳᠤ᠂  ᠦᠨ᠎ᠡ  ᠬᠠᠩᠰᠢ   ᠨᠢ ᠦᠨᠡᠬᠡᠷ ᠲᠣᠭᠲᠠᠪᠤᠷᠢ ᠦᠭᠡᠢ ᠪᠠᠶᠢᠨ᠎ᠠ᠄ 9 ᠳ᠋ᠦ᠋ᠭᠡᠷ ᠰᠠᠷ᠎ᠠ ᠶᠢᠨ 22 ᠤᠨ ᠡᠳᠦᠷ ᠤᠨ ᠦᠨ᠎ᠡ ᠨᠢ 1290 ᠲᠥᠭᠦᠷᠢᠭ᠂  9 ᠰᠠᠷ᠎ᠠ ᠶᠢᠨ 23 ᠤ ᠡᠳᠦᠷ ᠠᠴᠠ 9 ᠰᠠᠷ᠎ᠠ ᠶᠢᠨ 25 ᠤ ᠡᠳᠦᠷ ᠪᠣᠯᠲᠠᠯ᠎ᠠ 1150 ᠲᠥᠭᠦᠷᠢᠭ᠂  9 ᠰᠠᠷ᠎ᠠ ᠶᠢᠨ 27 ᠤ ᠡᠳᠦᠷ ᠪᠣᠯᠲᠠᠯ᠎ᠠ 1430 ᠲᠥᠭᠦᠷᠢᠭ᠂ 9 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ 1860 ᠲᠥᠭᠦᠷᠢᠭ᠂10 ᠰᠠᠷ᠎ᠠ ᠶᠢᠨ 1 ᠤ ᠡᠳᠦᠷ1290 ᠲᠥᠭᠦᠷᠢᠭ᠂ 10 ᠰᠠᠷ᠎ᠠ ᠶᠢᠨ 2 ᠤᠨ ᠡᠳᠦᠷ ᠳᠠᠬᠢᠭᠠᠳ 1150  ᠲᠥᠭᠦᠷᠢᠭ ᠪᠣᠯᠣᠨ ᠪᠠᠭᠤᠷᠠᠵᠦ ᠪᠠᠶᠢᠭ᠎ᠠ ᠶᠢ ᠣᠯᠵᠦ ᠮᠡᠳᠡᠵᠠᠢ᠃                              12306 ᠠᠶᠠᠨᠴᠢᠳ ᠤᠨ ᠦᠢᠯᠡᠴᠢᠯᠡᠭᠡᠨ ᠤ ᠬᠢᠨ ᠢᠯᠡᠷᠬᠡᠶᠢᠯᠡᠬᠦ ᠳᠡᠭᠡᠨ᠂ ᠨᠡᠶᠢᠲᠡᠯᠡᠭᠰᠡᠨ ᠪᠢᠯᠧᠲ ᠤᠨ ᠦᠨ᠎ᠡ ᠶᠢ ᠪᠦᠷ ᠲᠡᠮᠦᠷ ᠵᠠᠮ ᠤᠨ 12306APP ᠳᠤ ᠵᠠᠷᠯᠠᠨ ᠨᠡᠶᠢᠲᠡᠯᠡᠨ᠎ᠡ᠂ ᠪᠢᠯᠧᠲ ᠤᠨ ᠦᠨ᠎ᠡ ᠶᠢ ᠭᠠᠯᠳᠦ ᠲᠡᠷᠬᠡᠨ ᠤ ᠪᠢᠯᠧᠲ ᠢ ᠰᠢᠯᠭᠠᠨ ᠯᠠᠪᠯᠠᠬᠤ ᠲᠠᠪᠴᠠᠩ ᠳᠤ ᠴᠥᠮ ᠵᠠᠷᠯᠠᠨ ᠨᠡᠶᠢᠲᠡᠯᠡᠨ᠎ᠡ ᠭᠡᠵᠡᠢ᠃ᠢᠷᠡᠯᠳᠡ᠄ ᠠᠷᠠᠳ ᠤᠨ ᠰᠤᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1