ᠲᠣᠭᠲᠠᠬᠤ ᠲᠠᠷᠢᠶᠠᠯᠠᠩ ᠬᠤᠳᠠᠯᠳᠤᠭᠠᠨ ᠤ ᠪᠠᠩᠬᠢ ᠬᠤᠶᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠳᠤᠷ᠎ᠠ ᠰᠣᠨᠢᠷᠬᠠᠯ ᠤᠨ ᠬᠠᠮᠲᠤᠷᠠᠭᠰᠠᠨ ᠲᠠᠮᠢᠷ ᠤᠨ ᠴᠤᠭᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2023/9/27
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ︽ᠨᠠᠮ ᠤᠨ ᠠᠴᠢ ᠶᠢ ᠣᠶᠢᠯᠠᠭᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂ ᠲᠣᠭᠲᠠᠬᠤ ᠲᠠᠷᠢᠶᠠᠯᠠᠩ ᠬᠤᠳᠠᠯᠳᠤᠭᠠᠨ ᠤ ᠪᠠᠩᠬᠢ ᠠᠴᠠ ᠲᠣᠭᠲᠠᠬᠤ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠲᠠᠬᠤ ᠰᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠣᠭᠲᠠᠬᠤ ᠰᠢᠶᠠᠨ ᠤ ᠰᠠᠯᠪᠤᠷᠢ ᠪᠠᠩᠬᠢ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠨᠠᠮ ᠤᠨ ᠪᠠᠶᠢᠭᠤᠯᠤᠯᠲᠠ ᠪᠠᠷ ᠬᠠᠮᠲᠤ ᠶᠢᠨ ᠬᠦᠴᠦᠨ ᠢ ᠬᠥᠲᠥᠯᠥᠨ ᠳᠠᠭᠠᠭᠤᠯᠵᠤ ᠬᠠᠮᠵᠢᠯᠴᠠᠨ ᠬᠠᠮᠲᠤᠪᠠᠷ ᠠᠰᠢᠭ ᠬᠦᠷᠲᠡᠵᠦ ᠬᠥᠭᠵᠢᠯᠲᠡ ᠶᠢ ᠠᠬᠢᠭᠤᠯᠬᠤ︾ ᠭᠤᠣᠯ ᠰᠡᠳᠦᠪᠲᠦ ᠰᠣᠨᠢᠷᠬᠠᠯᠲᠤ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠬᠢᠯᠡᠪᠡ᠃ ᠡᠯ᠎ᠡ ᠪᠠᠶᠢᠭᠤᠯᠤᠯᠭ᠎ᠠ ᠶᠢᠨ 12 ᠲᠥᠯᠥᠭᠡᠯᠡᠭᠴᠢᠳ ᠤᠨ ᠠᠩᠭᠢ ᠶᠢᠨ 300 ᠭᠠᠷᠤᠢ ᠲᠠᠮᠢᠷᠴᠢᠨ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠵᠠᠢ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠲᠠᠮᠢᠷᠴᠢᠳ ᠤᠨ ᠤᠷᠤᠭᠰᠢᠯᠠᠯᠲᠠ ᠶᠢᠨ ᠬᠥᠭᠵᠢᠮ ᠢ ᠳᠠᠭᠠᠯᠳᠤᠨ᠂ ᠤᠷᠤᠯᠳᠤᠭᠠᠨ ᠳᠤ ᠣᠷᠣᠯᠴᠠᠭᠰᠠᠨ ᠪᠦᠬᠦ ᠲᠠᠮᠢᠷᠴᠢᠳ ᠲᠡᠷᠢ ᠲᠡᠭᠰᠢ ᠵᠢᠭᠰᠠᠵᠤ᠂ ᠴᠡᠭᠡᠵᠢ ᠳᠠᠨᠠᠶᠢᠨ ᠠᠯᠬᠤᠯᠠᠵᠤ᠂ ᠡᠮᠬᠢ ᠳᠢᠭᠯᠢᠮ ᠲᠠᠢ ᠪᠠᠷ ᠲᠠᠯᠠᠪᠠᠢ ᠳᠤ ᠣᠷᠣᠪᠠ᠃ ᠡᠩᠨᠡᠭᠡ ᠪᠦᠷᠢ ᠶᠢᠨ ᠲᠠᠮᠢᠷᠴᠢᠳ ᠴᠥᠮ ᠴᠤᠭ ᠵᠢᠪᠬᠤᠭ᠎ᠠ ᠪᠠᠷ ᠪᠢᠯᠬᠠᠮ᠎ᠠ᠂ ᠰᠦᠷ ᠵᠢᠪᠬᠤᠭ᠎ᠠ ᠲᠠᠢ  ᠪᠠᠶᠢᠯ᠎ᠠ᠃      ᠲᠤᠰ ᠤᠳᠠᠭ᠎ᠠ ᠶᠢᠨ ᠤᠷᠤᠯᠳᠤᠭᠠᠨ ᠳᠤ ︽ᠤᠷᠤᠯᠳᠤᠭᠠᠨ + ᠰᠣᠨᠢᠷᠬᠠᠯ︾ ᠵᠡᠷᠭᠡ 20 ᠭᠠᠷᠤᠢ ᠤᠷᠤᠯᠳᠤᠭᠠᠨ ᠤ ᠲᠦᠷᠦᠯ ᠵᠦᠢᠯ ᠢ ᠲᠣᠬᠢᠷᠠᠭᠤᠯᠵᠠᠢ᠃ ᠡᠯ᠎ᠡ ᠵᠦᠢᠯ ᠤᠨ ᠤᠷᠤᠯᠳᠤᠭᠠᠨ ᠤ ᠬᠡᠯᠪᠡᠷᠢ ᠨᠢ ᠠᠳᠠᠯᠢ ᠪᠤᠰᠤ ᠪᠠᠶᠢᠵᠤ᠂ ᠲᠤᠰ ᠲᠤᠰ ᠲᠡᠩᠴᠡᠭᠦᠷᠢ ᠶᠢᠨ ᠬᠦᠴᠦ᠂ ᠭᠡᠨᠡᠳᠲᠡ ᠶᠢᠨ ᠬᠦᠴᠦ᠂ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ᠂ ᠰᠡᠳᠬᠢᠯ ᠰᠠᠨᠠᠭ᠎ᠠ ᠪᠠᠨ ᠣᠯᠣᠯᠴᠠᠬᠤ ᠬᠡᠮᠵᠢᠶ᠎ᠡ᠂ ᠲᠣᠭᠲᠠᠪᠤᠷᠢᠲᠤ ᠴᠢᠨᠠᠷ ᠵᠡᠷᠭᠡ ᠲᠠᠯ᠎ᠠ ᠪᠠᠷ ᠪᠦᠯᠬᠦᠮ ᠨᠡᠶᠢᠲᠡ ᠵᠢᠴᠢ ᠬᠤᠪᠢ ᠬᠥᠮᠥᠨ ᠤ ᠪᠣᠳᠠᠲᠤ ᠬᠦᠴᠦᠨ ᠢ ᠰᠢᠯᠭᠠᠨ᠎ᠠ᠃      ᠤᠷᠤᠯᠳᠤᠭᠠᠨ ᠠᠴᠠ ᠡᠮᠦᠨᠡᠬᠢ ᠪᠡᠯᠡᠳᠬᠡᠯ ᠤᠨ ᠱᠠᠲᠤᠨ ᠳᠤ᠂ ᠤᠷᠤᠯᠳᠤᠭᠠᠨ ᠳᠤ ᠣᠷᠣᠯᠴᠠᠭᠰᠠᠨ ᠡᠯ᠎ᠡ ᠠᠩᠭᠢ ᠠᠷᠭ᠎ᠠ ᠪᠣᠳᠣᠯᠭ᠎ᠠ ᠪᠠᠶᠢᠯᠳᠤᠬᠤ ᠠᠷᠭ᠎ᠠ ᠶᠢ ᠢᠳᠡᠪᠬᠢᠲᠡᠢ ᠰᠤᠳᠤᠯᠵᠤ᠂ ᠰᠣᠷᠢᠯᠲᠠ ᠪᠠᠨ ᠱᠠᠯᠠᠪᠳᠠᠭᠤᠯᠪᠠ᠃ ᠤᠷᠤᠯᠳᠤᠭᠠᠨ ᠤ ᠳᠤᠮᠳᠠ ᠠᠵᠢᠯᠲᠠᠳ ᠥᠪᠡᠷ ᠥᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠭᠴᠢ ᠲᠤᠰᠬᠠᠢ ᠮᠡᠷᠭᠡᠵᠢᠯ ᠲᠠᠢ᠂ ᠲᠥᠪ ᠭᠤᠣᠯᠴᠢ᠂ ᠤᠷᠤᠯᠳᠤᠭᠠᠨ ᠳᠤ ᠣᠷᠣᠯᠴᠠᠭᠰᠠᠳ ᠴᠤᠭ ᠵᠢᠪᠬᠤᠭ᠎ᠠ ᠲᠠᠢ᠂ ᠡᠷᠡᠯᠬᠡᠭᠯᠡᠨ ᠲᠡᠮᠡᠴᠡᠵᠦ᠂ ᠤᠷᠤᠯᠳᠤᠭᠠᠨ ᠤ ᠲᠠᠯᠠᠪᠤᠷ ᠲᠤ ᠪᠠᠴᠢᠮ᠂ ᠬᠤᠷᠴᠠ ᠰᠢᠷᠦᠭᠦᠨ᠂ ᠡᠮᠬᠢ ᠵᠢᠷᠤᠮ ᠲᠠᠢ᠂ ᠠᠬᠤᠢ ᠲᠠᠯᠠᠪᠠᠢ ᠶᠢᠨ ᠤᠷᠮ᠎ᠠ ᠪᠠᠬ᠎ᠠ ᠪᠠᠷ ᠪᠢᠯᠬᠠᠵᠤ᠂ ᠬᠦᠴᠦ ᠨᠡᠮᠡᠬᠦ ᠲᠠᠭᠤᠨ᠂ ᠤᠷᠠᠢ ᠬᠠᠰᠬᠢᠷᠬᠤ ᠲᠠᠭᠤᠨ ᠲᠠᠰᠤᠷᠠᠯᠳᠠ ᠦᠭᠡᠢ ᠴᠤᠤᠷᠢᠶᠠᠲᠤᠵᠤ᠂ ᠠᠬᠤᠢ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠨ᠎ᠠ᠃      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠡᠯ᠎ᠡ ᠨᠢᠭᠡᠴᠡ ᠶᠢᠨ ᠬᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠮᠲᠤ ᠶᠢᠨ ᠬᠥᠭᠵᠢᠯᠲᠡ ᠳᠡᠭᠡᠭᠰᠢᠯᠡᠯᠲᠡ ᠶᠢ ᠪᠡᠶᠡᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠠᠷ ᠬᠤᠯᠪᠣᠨ ᠬᠠᠮᠲᠤ ᠪᠠᠷ ᠳᠡᠮᠵᠢᠬᠦ᠂ ᠦᠨᠳᠦᠰᠦᠲᠡᠨ ᠨᠦᠭᠦᠳ ᠤᠨ ᠪᠦᠯᠬᠦᠮᠳᠡᠯ ᠤᠷᠤᠭᠰᠢᠯᠠᠯᠲᠠ ᠶᠢ ᠴᠢᠩᠭᠠᠳᠬᠠᠬᠤ᠂ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠭᠠᠪᠢᠶ᠎ᠠ ᠪᠠᠶᠢᠭᠤᠯᠵᠤ᠂ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠬᠤᠪᠢ ᠨᠡᠮᠡᠷᠢ ᠦᠵᠡᠭᠦᠯᠬᠦ ᠪᠣᠯᠣᠨ᠎ᠠ᠃ ᠲᠣᠭᠲᠠᠬᠤ ᠬᠥᠳᠡᠭᠡ ᠠᠵᠤ ᠠᠬᠤᠢ ᠬᠤᠳᠠᠯᠳᠤᠭᠠᠨ ᠤ ᠪᠠᠩᠬᠢ ᠴᠤ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠨ ᠬᠡᠯᠪᠡᠷᠢ ᠶᠢᠨ ᠰᠣᠶᠣᠯ ᠲᠠᠮᠢᠷ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠷᠤᠯᠳᠤᠭᠠᠨ ᠤ ᠲᠠᠯᠠᠪᠤᠷ ᠲᠠᠬᠢ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ᠂ ᠴᠥᠬᠦᠷᠡᠰᠢ ᠦᠭᠡᠢ ᠲᠡᠮᠡᠴᠡᠬᠦ ᠢᠲᠡᠭᠡᠯ ᠵᠣᠷᠢᠭ ᠪᠣᠯᠣᠨ ᠰᠢᠨᠲᠠᠷᠠᠰᠢ ᠦᠭᠡᠢ ᠵᠣᠷᠢᠭ ᠰᠠᠨᠠᠭ᠎ᠠ ᠶᠢ ᠬᠤᠶᠢᠰᠢᠳᠠ ᠶᠢᠨ ᠠᠵᠢᠯ ᠳᠠᠭᠠᠨ ᠠᠪᠴᠢᠷᠠᠵᠤ᠂ ᠡᠯ᠎ᠡ ᠲᠦᠷᠦᠯ ᠤᠨ ᠠᠵᠢᠯ ᠦᠢᠯᠡᠰ ᠤᠨ ᠯᠠᠪᠳᠠᠭᠤᠨ ᠢᠶᠠᠷ ᠬᠥᠭᠵᠢᠬᠦ ᠶᠢ ᠠᠬᠢᠭᠤᠯᠬᠤ ᠪᠣᠯᠣᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1