ᠲᠣᠭᠲᠠᠬᠤ ᠰᠢᠶᠠᠨ ᠤ 2023 ᠣᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2023/9/27
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠨ ᠲᠤᠤᠱᠯᠠᠭᠤᠯᠵᠦ᠂ ᠢᠳᠡᠷ ᠵᠠᠯᠠᠭᠤ ᠺᠠᠳ᠋ᠷᠴᠤᠳ ᠤᠨ ᠤᠯᠤᠰ ᠲᠦᠷᠦ ᠤᠨᠤᠯ ᠤᠨ ᠪᠣᠯᠪᠠᠰᠤᠷᠠᠯ ᠂ ᠵᠣᠬᠢᠶᠠᠨ ᠪᠠᠶᠢᠭᠤᠯᠵᠤ ᠤᠳᠤᠷᠢᠳᠬᠤ ᠴᠢᠳᠠᠪᠤᠷᠢ ᠪᠣᠯᠣᠨ ᠪᠣᠳᠠᠲᠠᠢ ᠠᠵᠢᠯ ᠤᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠰᠢᠨᠵᠢᠯᠡᠬᠦ ᠤᠬᠠᠭᠠᠨ ᠤ ᠬᠥᠭᠵᠢᠯᠲᠡ᠂ ᠲᠠᠪᠠᠯᠳᠠᠳᠤ ᠬᠥᠭᠵᠢᠯᠲᠡ ᠳᠤ ᠰᠢᠯᠢᠳᠡᠭ ᠪᠡᠯᠡᠳᠬᠡᠯ ᠴᠢᠳᠠᠪᠤᠷᠢᠲᠠᠨ ᠢ ᠨᠦᠬᠡᠴᠡᠯᠡᠬᠦ ᠶᠢᠨ ᠲᠦᠯᠦᠭᠡ᠂ 9 ᠳ᠋ᠤᠭᠡᠷ ᠰᠠᠷ᠎ᠠ ᠶᠢᠨ 24  ᠤ ᠡᠳᠦᠷ᠂ ᠲᠣᠭᠲᠠᠬᠤ ᠰᠢᠶᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠵᠢᠩᠬᠢᠨᠢ ᠪᠠᠷ ᠰᠤᠷᠤᠯᠭ᠎ᠠ ᠡᠬᠢᠯᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠦ᠋ ᠹᠦ᠋ ᠵᠥᠩ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠤᠰᠬᠠᠢ ᠰᠡᠳᠦᠪ  ᠢᠶᠠᠷ ᠬᠠᠪᠰᠤᠷᠤᠨ ᠵᠢᠯᠤᠭᠤᠳᠴᠤ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠴᠢᠶᠣᠤ ᠬᠠᠢ ᠶᠠᠨ ᠬᠤᠷᠠᠯ ᠡᠷᠭᠢᠯᠡᠵᠡᠶ᠃ ᠪᠦᠬᠦ ᠰᠢᠶᠠᠨ ᠤ 64 ᠰᠢᠯᠢᠳᠡᠭ ᠢᠳᠡᠷ ᠵᠠᠯᠠᠭᠤ ᠺᠠᠳ᠋ᠷ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃
     ᠠᠩᠭᠢ ᠡᠬᠢᠯᠡᠬᠦ ᠶᠣᠰᠣᠯᠠᠯ ᠳᠡᠭᠡᠷ᠎ᠡ ᠦ᠋ ᠹᠦ᠋ ᠵᠥᠩ ᠢᠳᠡᠷ ᠵᠠᠯᠠᠭᠤᠴᠤᠳ ᠤᠨ ᠠᠩᠭᠢ ᠶᠢᠨ ᠰᠤᠷᠤᠭᠴᠢᠳ ᠲᠤ ᠴᠢᠩ ᠰᠡᠳᠬᠢᠯ ᠤᠨ ᠬᠦᠰᠡᠯ ᠪᠠ ᠪᠣᠳᠠᠲᠠᠢ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠬᠤ ᠣᠪᠣᠷ ᠢᠶᠠᠨ ᠲᠥᠪ ᠪᠣᠯᠭᠠᠬᠤ ᠬᠡᠷᠡᠭᠲᠡᠢ᠃ ᠢᠳᠡᠷ ᠵᠠᠯᠠᠭᠤ ᠺᠠᠳ᠋ᠷᠴᠤᠳ ᠡᠷᠬᠡᠪᠰᠢ ᠤᠬᠠᠮᠰᠠᠷ ᠠᠴᠠ ᠪᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠬᠤ ᠣᠪᠣᠷ ᠢᠶᠠᠨ ᠲᠥᠪ ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠲᠤᠰ ᠬᠤᠭᠤᠴᠠᠭᠠᠨ ᠤ ᠪᠣᠯᠪᠠᠰᠤᠷᠠᠯ ᠤᠨ ᠠᠩᠭᠢ ᠶᠢᠨ ᠰᠤᠷᠤᠯᠴᠠᠯᠭ᠎ᠠ ᠳᠤ ᠣᠷᠣᠯᠴᠠᠵᠤ᠂ ᠲᠤᠰ ᠪᠡᠶ᠎ᠡ ᠶᠢᠨ ᠨᠠᠮᠴᠢ ᠴᠢᠨᠠᠷ ᠤᠨ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤ ᠰᠢᠨ᠎ᠡ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠬᠤᠶᠠᠷ ᠲᠤ᠂ ᠰᠤᠷᠤᠯᠴᠠᠬᠤ ᠠᠵᠠ ᠲᠣᠬᠢᠶᠠᠯ ᠢ ᠨᠠᠨᠳᠢᠩᠨᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ᠰᠤᠷᠤᠯᠴᠠᠯᠭ᠎ᠠ ᠶᠢᠨ ᠲᠠᠯ᠎ᠠ ᠪᠠᠷ ᠳᠠᠪᠰᠢᠯᠲᠠ ᠲᠠᠢ᠂ ᠦᠵᠡᠯ ᠰᠠᠨᠠᠭᠠᠨ ᠤ ᠲᠠᠯ᠎ᠠ ᠪᠠᠷ ᠳᠡᠭᠡᠭᠰᠢᠯᠡᠯᠲᠡ ᠲᠠᠢ᠂ ᠠᠵᠢᠯ ᠤᠨ ᠲᠠᠯ᠎ᠠ ᠪᠠᠷ ᠠᠬᠢᠭᠤᠯᠤᠯᠲᠠ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠤ ᠠᠵᠢᠯ ᠤᠨ ᠪᠠᠶᠢᠳᠠᠯ᠂ ᠵᠠᠮ ᠨᠡᠭᠡᠭᠡᠨ ᠰᠢᠨ᠎ᠡ ᠶᠢ ᠡᠭᠦᠳᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠨᠡᠭᠡᠭᠡᠨ ᠠᠬᠢᠭᠤᠯᠬᠤ ᠬᠡᠷᠡᠭᠲᠡᠢ᠃ ᠭᠤᠷᠪᠠ ᠳᠤ᠂ ᠰᠤᠷᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠣᠷᠣᠭᠰᠠᠨ ᠢᠶᠠᠨ ᠬᠡᠷᠡᠭᠯᠡᠬᠦ ᠶᠢ ᠪᠡᠶᠡᠯᠡᠭᠦᠯᠦᠨ᠎ᠡ᠃ ᠰᠣᠷᠣᠭᠰᠠᠨ ᠣᠨᠣᠯ ᠤᠨ ᠮᠡᠳᠡᠯᠭᠡ ᠪᠠᠨ ᠲᠣᠭᠲᠠᠬᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠰᠠᠭᠤᠳᠠᠯ ᠲᠠᠢ ᠰᠠᠨᠠᠭᠠᠴᠢᠯᠠᠭ᠎ᠠ  ᠠᠴᠠ ᠪᠠᠨ ᠤᠶᠠᠯᠳᠤᠭᠤᠯᠵᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠪᠣᠳᠣᠯᠬᠢᠯᠠᠨ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠡᠷᠬᠡ ᠰᠡᠳᠦᠪ ᠢ ᠡᠷᠢᠨ ᠰᠢᠢᠳᠪᠦᠷᠢᠯᠡᠵᠦ᠂ ᠰᠣᠷᠣᠭᠰᠠᠨ ᠢᠶᠠᠨ ᠦᠨᠡᠨ ᠬᠦ ᠬᠡᠷᠡᠭᠯᠡᠵᠦ᠂ ᠰᠣᠷᠣᠭᠰᠠᠨ ᠢᠶᠠᠨ ᠬᠡᠷᠡᠭᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃      ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢᠭᠡ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠵᠤ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠪᠣᠶ ᠪᠦᠬᠦᠢ ᠬᠢᠴᠢᠶᠡᠯ ᠢ ᠨᠠᠷᠢᠨ ᠬᠢᠨᠠᠮᠠᠭᠠᠢ ᠰᠤᠳᠤᠯᠵᠤ᠂ ᠨᠠᠷᠢᠨ ᠨᠢᠮᠪᠠᠢ ᠲᠣᠬᠢᠷᠠᠭᠤᠯᠤᠨ᠂ ᠰᠢᠯᠢᠳᠡᠭ ᠪᠠᠭᠰᠢ ᠶᠢᠨ ᠵᠢᠭᠠᠨ ᠰᠤᠷᠭᠠᠯᠲᠠ ᠶᠢ ᠵᠣᠬᠢᠶᠠᠨ ᠪᠠᠶᠢᠭᠤᠯᠤᠨ ᠲᠣᠬᠢᠷᠠᠭᠤᠯᠤᠭᠰᠠᠨ ᠪᠥᠭᠡᠳ ᠰᠢᠶᠠᠨ ᠭᠠᠵᠠᠷ ᠤᠨ ᠱᠠᠲᠤᠨ ᠤ ᠤᠳᠤᠷᠢᠳᠤᠯᠭ᠎ᠠ ᠶᠢ ᠤᠷᠢᠵᠤ ᠲᠠᠶᠢᠰᠠᠨ᠎ᠠ ᠬᠢᠴᠢᠶᠡᠯ ᠣᠷᠣᠭᠤᠯᠵᠤ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠤᠨ ᠰᠤᠷᠤᠯᠴᠠᠪᠠᠯ ᠣᠯᠣᠯᠲᠠ ᠲᠠᠢ᠂ ᠤᠬᠠᠮᠰᠠᠷ ᠲᠠᠢ᠂ ᠳᠠᠪᠠᠭᠤᠯᠢᠭ ᠲᠠᠢ᠂ ᠠᠮᠵᠢᠯᠲᠠ ᠲᠠᠢ ᠪᠠᠶᠢᠬᠤ ᠶᠢ ᠦᠨᠡᠨ ᠬᠦ ᠪᠠᠲᠤᠯᠠᠭᠰᠠᠨ ᠪᠠᠶᠢᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1