ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠡᠷᠡᠭᠦᠯ ᠡᠩᠬᠡ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠬᠤᠭ ᠨᠣᠪᠰᠢ ᠶᠢ ᠲᠥᠷᠥᠯ  ᠬᠤᠪᠢᠶᠠᠬᠤ ᠨᠠᠰᠤᠨ ᠳᠤ ᠥᠯᠥ ᠬᠦᠷᠦᠭᠰᠡᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/4
     ᠯᠧᠢ ᠹᠧᠩ ᠤᠨ ᠥᠯᠢᠭᠡᠷ ᠢ ᠤᠯᠠᠮ ᠨᠢᠭᠡ ᠠᠯᠬᠤᠮ ᠪᠠᠳᠠᠷᠠᠭᠤᠯᠵᠤ᠂ ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠳᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ ᠤᠬᠠᠮᠰᠠᠷ ᠢ ᠪᠠᠷᠢᠮᠲᠠᠯᠠᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠡᠷᠡᠭᠦᠯ ᠡᠩᠬᠡ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠭᠤᠷᠪᠠᠳᠤᠭᠠᠷ ᠳᠤᠮᠳᠠᠳᠤ ᠰᠤᠷᠭᠠᠭᠤᠯᠢ ᠲᠠᠢ ᠬᠠᠮᠲᠤᠷᠠᠨ ᠬᠤᠭ ᠨᠣᠪᠰᠢ ᠶᠢ ᠲᠥᠷᠥᠯ ᠬᠤᠪᠢᠶᠠᠬᠤ ᠨᠠᠰᠤᠨ ᠳᠤ ᠥᠯᠥ ᠭᠦᠷᠦᠭᠰᠡᠳ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠰᠤᠷᠤᠭᠴᠢᠳ ᠤᠨ ᠰᠠᠶᠢᠨ ᠳᠤᠷ᠎ᠠ ᠶᠢᠨ ᠠᠵᠢᠯᠯᠠᠭᠴᠢ ᠲᠠᠯᠠᠪᠠᠶ ᠪᠠᠷ ᠨᠠᠰᠢ ᠴᠠᠰᠢ ᠥᠩᠭᠡᠷᠡᠬᠦ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ ᠬᠠᠭᠤᠳᠠᠰᠤ ᠲᠠᠷᠬᠠᠭᠠᠬᠤ ᠶᠢᠨ ᠬᠠᠮᠲᠤ ᠰᠠᠭᠤᠭᠠᠯᠢ ᠠᠷᠠᠳ ᠲᠤ ᠤᠯᠠᠭᠠᠨ ᠬᠥᠬᠡ ᠨᠣᠭᠤᠭᠠᠨ ᠦᠨᠡᠰᠦᠨ ᠥᠩᠭᠡ ᠲᠠᠢ ᠬᠤᠭ ᠨᠣᠪᠰᠢ ᠶᠢᠨ ᠰᠠᠪᠠ ᠶᠢ ᠲᠣᠰ ᠲᠣᠰ ᠬᠤᠣᠷᠲᠠᠢ ᠬᠤᠭ ᠨᠣᠪᠰᠢ᠂ ᠬᠤᠷᠢᠶᠠᠨ ᠠᠪᠴᠤ ᠪᠣᠯᠬᠤ ᠪᠣᠳᠠᠰ᠂ ᠠᠮᠠᠷᠬᠠᠨ ᠢᠯᠵᠠᠷᠠᠬᠤ ᠬᠤᠭ ᠨᠣᠪᠰᠢ ᠪᠠ ᠪᠤᠰᠤᠳ ᠬᠤᠭ ᠨᠣᠪᠰᠢ ᠲᠠᠢ ᠲᠣᠬᠢᠷᠠᠯᠴᠠᠭᠤᠯᠬᠤ ᠶᠢ ᠬᠡᠯᠡᠵᠦ ᠥᠭᠪᠡ︔ ᠡᠮᠡᠭᠲᠡᠢ ᠰᠠᠶᠢᠨ ᠳᠤᠷ᠎ᠠ ᠶᠢᠨ ᠠᠵᠢᠯᠯᠠᠭᠴᠢᠳ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠠᠶᠢᠯᠪᠤᠷᠢᠯᠠᠵᠤ ᠦᠭᠭᠦᠪᠡ︔ ᠬᠤᠭ ᠨᠣᠪᠰᠢ ᠲᠡᠭᠦᠬᠦ ᠶᠠᠪᠤᠴᠠ ᠳᠤ᠂ ᠡᠮᠡᠭᠲᠡᠢ ᠰᠠᠶᠢᠨ ᠲᠤᠷᠠᠴᠤᠳ ᠪᠢᠴᠢᠬᠠᠨ ᠨᠠᠶᠢᠵᠠ ᠨᠠᠷ ᠲᠠᠭᠠᠨ ᠬᠤᠭ ᠨᠣᠪᠰᠢ ᠲᠡᠭᠦᠬᠦ ᠪᠠᠭᠠᠵᠢ ᠬᠡᠷᠡᠭᠯᠡᠬᠦ ᠠᠷᠭ᠎ᠠ ᠶᠢ ᠬᠦᠯᠢᠴᠡᠩᠭᠦᠢ ᠪᠠᠷ ᠨᠠᠷᠢᠨ ᠨᠢᠮᠪᠠᠢ ᠦᠵᠡᠭᠦᠯᠵᠦ᠂ ︽ᠲᠣᠮᠣ ᠭᠠᠷ︾ ︽ᠵᠢᠵᠢᠭ ᠭᠠᠷ︾ ᠬᠤᠭᠤᠷᠣᠨᠳᠤ ᠪᠠᠨ ᠰᠡᠳᠬᠢᠯ ᠰᠠᠨᠠᠭ᠎ᠠ ᠪᠠᠨ ᠨᠢᠭᠡᠳᠬᠡᠨ ᠬᠠᠮᠲᠤᠷᠠᠨ ᠠᠵᠢᠯᠯᠠᠵᠤ᠂ ᠬᠠᠷᠢᠶ᠎ᠠ ᠣᠷᠣᠨ ᠳᠠᠭᠠᠨ ᠰᠡᠳᠬᠢᠯ ᠬᠥᠳᠡᠯᠭᠡᠮ᠎ᠡ ᠪᠣᠯᠪᠠᠰᠤᠨ ᠦᠵᠡᠮᠵᠢ ᠶᠢᠨ ᠣᠷᠣᠨ ᠢ ᠵᠢᠷᠤᠭᠯᠠᠵᠠᠢ᠃      ᠲᠣᠰ ᠤᠳᠠᠭᠠᠨ ᠤ ᠠᠵᠢᠯᠯᠠᠭ᠎ᠠ ᠳᠤ᠂ ᠰᠣᠷᠣᠭᠴᠢ ᠶᠢᠨ ᠰᠠᠶᠢᠨ ᠳᠤᠷ᠎ᠠ ᠶᠢᠨ ᠠᠵᠢᠯᠯᠠᠭᠴᠢ ᠳᠤ ᠦᠢᠯᠡᠳᠦᠯᠭᠡ ᠶᠢᠨ ᠳᠤᠮᠳᠠ ᠠᠴᠠ ᠯᠧᠢ ᠹᠧᠩ ᠤᠨ ᠵᠣᠷᠢᠭ ᠰᠠᠨᠠᠭ᠎ᠠ ᠶᠢ ᠣᠶᠢᠯᠠᠭᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠰᠤᠷᠤᠯᠴᠠᠭᠤᠯᠵᠤ᠂ ᠤᠬᠠᠭᠤᠯᠬᠤ ᠶᠢᠨ ᠬᠠᠮᠲᠤ ᠥᠪᠡᠷ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ ᠨᠥᠭᠡᠴᠡ ᠪᠠᠨ ᠳᠡᠭᠡᠭᠰᠢᠯᠡᠭᠦᠯᠬᠦ ᠶᠢᠨ ᠬᠠᠮᠲᠤ ᠢᠷᠡᠭᠡᠳᠦᠢ ᠶᠢᠨ ᠠᠮᠢᠳᠤᠷᠠᠯ ᠳᠤᠮᠳᠠ ᠪᠠᠨ ᠭᠡᠷ ᠪᠦᠯᠢ ᠶᠢᠨ ᠬᠥᠮᠥᠰ ᠪᠠ ᠨᠠᠶᠢᠵᠠ ᠨᠠᠷ ᠢᠶᠠᠨ ᠳᠠᠭᠠᠭᠤᠯᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠳᠤ ᠣᠷᠣᠯᠴᠠᠭᠤᠯᠵᠤ᠂ ᠪᠥᠬᠦ ᠠᠷᠠᠳ ᠢᠶᠠᠷ ᠢᠶᠠᠨ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1