ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 6 ᠳ᠋ᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/4
      9 ᠳ᠋ᠤᠭᠡᠷ ᠰᠠᠷ᠎ᠠ ᠶᠢᠨ 1  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ᠪᠠᠶᠢᠭᠤᠯᠤᠭᠳᠠᠭᠰᠠᠨ 90 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ 2023 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠠᠵᠢᠯ ᠢ ᠢᠯᠡ ᠪᠣᠯᠭᠠᠬᠤ ᠳᠦᠷᠢᠮ ︵ᠲᠤᠷᠰᠢᠨ ᠬᠡᠷᠡᠭᠵᠢᠭᠦᠯᠬᠦ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠠᠵᠢᠯ ᠢ ᠢᠯᠡ ᠪᠣᠯᠭᠠᠬᠤ ᠳᠦᠷᠢᠮ ︵ᠲᠤᠷᠰᠢᠨ ᠬᠡᠷᠡᠭᠵᠢᠭᠦᠯᠬᠦ︶﹀ ᠢ ᠲᠤᠤᠱᠯᠠᠭᠤᠯᠬᠤ ᠬᠡᠷᠡᠭᠵᠢᠭᠦᠯᠬᠦ ᠨᠠᠷᠢᠨ ᠳᠦᠷᠢᠮ︾᠂ ︽ᠨᠠᠮ ᠤᠨ ᠠᠵᠢᠯ ᠢ ᠢᠯᠡ ᠪᠣᠯᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮ︾ ᠢ ᠰᠤᠷᠤᠯᠴᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠨᠠᠮ ᠤᠨ ᠰᠤᠷᠭᠠᠭᠤᠯᠢ ᠶᠢᠨ ᠦᠨᠳᠦᠰᠦᠨ ᠵᠠᠷᠴᠢᠮ ᠢ ᠪᠠᠲᠤ ᠡᠵᠡᠮᠳᠡᠵᠦ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠤᠨᠤᠯ ᠪᠣᠯᠣᠨ ᠠᠵᠢᠯ ᠤᠨ ᠴᠢᠳᠠᠪᠤᠷᠢ ᠶᠢᠨ ᠰᠤᠷᠤᠯᠴᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠰᠠᠭᠤᠷᠢ ᠴᠢᠨᠠᠷᠲᠠᠢ ᠢᠨᠵᠧᠨᠧᠷᠢᠩ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠨᠠᠮ ᠤᠨ ᠠᠵᠢᠯ ᠢ ᠢᠯᠡ ᠪᠣᠯᠭᠠᠬᠤ ᠶᠢ ᠲᠦᠯᠬᠢᠨ ᠠᠬᠢᠭᠤᠯᠬᠤ ᠨᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠲᠦᠯᠬᠢᠨ ᠠᠬᠢᠭᠤᠯᠬᠤ᠂ ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠬᠤ ᠶᠢ ᠭᠦᠨᠵᠡᠭᠡᠢ ᠣᠶᠢᠯᠠᠭᠠᠵᠤ᠂ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠰᠢᠨᠵᠢᠯᠡᠬᠦ ᠤᠬᠠᠭᠠᠨᠴᠢᠯᠠᠯᠲᠠ ᠪᠠ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠯᠲᠠ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮ︾ ᠢ ᠢᠳᠡᠪᠬᠢᠲᠡᠢ ᠦᠢᠯᠡᠳᠦᠯᠭᠡᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠪᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1