ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 7 ᠳ᠋ᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/4
      9 ᠳ᠋ᠤᠭᠡᠷ ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠬᠢᠨᠲᠠ ᠭᠦᠨᠵᠡᠭᠡᠢ ᠰᠤᠷᠤᠯᠴᠠᠵᠤ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠪᠣᠳᠠᠲᠠᠢ ᠰᠡᠳᠬᠢᠴᠡ ᠪᠣᠯᠣᠨ ᠪᠤᠳᠤᠯ ᠢᠶᠠᠨ ᠰᠣᠯᠢᠯᠴᠠᠵᠤ᠂ ᠨᠠᠶᠢᠳᠠᠪᠤᠷᠢᠵᠢᠭᠤᠯᠤᠯᠲᠠ ᠶᠢᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠡᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠪᠣᠯᠣᠨ ᠡᠯᠪᠡᠭ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢᠯᠠᠯ ᠪᠣᠯᠣᠨ ᠬᠦᠰᠡᠯ ᠨᠠᠶᠢᠳᠠᠯᠭ᠎ᠠ ᠶᠢ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠠᠵᠢᠯ ᠢᠶᠠᠨ ᠨᠡᠩ ᠯᠠᠪᠳᠠᠭᠤᠨ ᠪᠦᠲᠦᠮᠵᠢᠲᠡᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠳᠠᠭᠠᠭᠰᠠᠨ︾ ᠶᠢ ᠬᠦᠷᠢᠶᠡᠯᠡᠵᠦ᠂ ︽ᠬᠤᠶᠠᠷ ᠢ ᠬᠦᠷᠢᠶᠡᠯᠡᠬᠦ︾ ᠶᠢ ᠦᠢᠯᠡᠳᠦᠯᠭᠡᠵᠢᠭᠦᠯᠬᠦ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠨᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠲᠣᠭᠲᠠᠬᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠲᠤᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1