2023 ᠣᠨ ᠳᠤ ᠲᠣᠭᠲᠠᠬᠤ ᠰᠢᠶᠠᠨ ᠤ ᠶᠣᠰᠣ ᠰᠤᠷᠲᠠᠬᠤᠨ ᠤ ᠵᠢᠱᠢᠶᠡᠴᠢ ᠵᠢᠴᠢ ︽ᠭᠡᠷ ᠪᠦᠯᠢ ᠶᠢᠨ ᠰᠠᠶᠢᠨ ᠰᠤᠷᠲᠠᠯ ᠢ ᠲᠦᠮᠡᠨ ᠡᠷᠦᠬᠡ ᠳᠤ ᠬᠦᠷᠭᠡᠶ᠎ᠡ︾ ᠭᠡᠬᠦ  ᠲᠠᠶᠢᠯᠤᠮᠵᠢ ᠶᠢᠨ ᠠᠵᠢᠯᠯᠠᠭ᠎ᠠ ᠱᠤᠸᠠᠩ ᠾᠧ ᠪᠠᠯᠭᠠᠰᠤᠨ ᠤ ᠳ᠋ᠦᠩᠱᠧᠩ ᠨᠡᠶᠢᠭᠡᠮ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2023/9/5
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠶᠣᠰᠣ ᠮᠣᠷᠠᠯ ᠤᠨ ᠵᠢᠱᠢᠶᠡᠴᠢ᠂ ᠳᠡᠷᠭᠡᠳᠡᠬᠢ ᠰᠠᠶᠢᠨ ᠬᠥᠮᠥᠨ ᠤ ᠦᠯᠢᠭᠡᠷ ᠳᠠᠭᠤᠷᠢᠶᠠᠯ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠣᠷᠴᠢᠮᠬᠠᠨ ᠳᠤ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠵᠣᠬᠢᠶᠠᠨ ᠪᠠᠶᠢᠭᠤᠯᠤᠭᠰᠠᠨ ᠶᠣᠰᠣ ᠮᠣᠷᠠᠯ ᠤᠨ ᠵᠢᠱᠢᠶᠡᠴᠢ ᠵᠢᠴᠢ ︽ᠭᠡᠷ ᠪᠦᠯᠢ ᠶᠢᠨ ᠰᠠᠶᠢᠨ ᠰᠤᠷᠲᠠᠯ   ᠢ ᠲᠦᠮᠡᠨ ᠡᠷᠦᠬᠡ ᠳᠤ ᠬᠦᠷᠭᠡᠶ᠎ᠡ︾ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠱᠤᠸᠠᠩ ᠾᠧ ᠪᠠᠯᠭᠠᠰᠤᠨ ᠤ ᠳ᠋ᠦᠩᠱᠧᠩ ᠨᠡᠶᠢᠭᠡᠮ ᠲᠣᠭᠤᠷᠢᠭ ᠲᠤ ᠶᠠᠪᠤᠭᠳᠠᠪᠠ᠃
     ᠲᠤᠰ ᠤᠳᠠᠭ᠎ᠠ ᠶᠢᠨ ᠠᠵᠢᠯᠯᠠᠭ᠎ᠠ ᠳᠤ ᠶᠣᠰᠣ ᠰᠤᠷᠲᠠᠬᠤᠨ ᠤ ᠵᠢᠱᠢᠶᠡᠴᠢ ᠶᠢᠨ ᠲᠦᠯᠦᠭᠡᠯᠡᠭᠴᠢ ᠢ ᠤᠷᠢᠵᠤ ᠤᠯᠠᠨ ᠳᠤ ᠤᠬᠠᠭᠤᠯᠤᠨ ᠲᠠᠶᠢᠯᠪᠤᠷᠢᠯᠠᠭᠤᠯᠵᠠᠢ᠃ ᠲᠦᠯᠦᠭᠡᠯᠡᠭᠴᠢ ᠦᠨᠡᠨᠴᠢ ᠪᠣᠷᠣᠭᠵᠢᠭᠤᠨ ᠦᠭᠡ ᠬᠡᠯᠡ ᠪᠠᠷ ᠤᠯᠠᠨ ᠳᠤ ᠬᠠᠯᠠᠭᠤᠨ ᠳᠤᠯᠠᠭᠠᠨ ᠠᠮᠢᠳᠤᠯᠢᠭ ᠰᠠᠶᠢᠬᠠᠨ ᠶᠣᠰᠣ ᠰᠤᠷᠲᠠᠬᠤᠨ ᠤ ᠦᠢᠯᠡᠳᠦᠯᠭᠡ ᠶᠢᠨ ᠬᠢᠴᠢᠶᠡᠯ ᠣᠷᠣᠵᠤ᠂ ᠲᠤᠬᠠᠢ ᠶᠢᠨ ᠲᠠᠯᠠᠪᠤᠷ ᠲᠤ ᠪᠠᠶᠢᠭᠰᠠᠨ ᠬᠥᠮᠥᠨ ᠨᠢᠭᠡᠪᠦᠷᠢ ᠶᠢ ᠭᠦᠨ ᠨᠥᠯᠥᠭᠡᠯᠡᠪᠡ᠃ ᠲᠡᠷᠡ ᠬᠡᠳᠦᠶᠢᠪᠡᠷ ᠰᠦᠷ ᠵᠢᠪᠬᠤᠯᠠᠩᠲᠤ ᠦᠭᠡ ᠪᠠᠶᠢᠬᠤ ᠦᠭᠡᠢ ᠪᠣᠯᠪᠠᠴᠤ᠂ ᠡᠭᠡᠯ ᠵᠢᠷ ᠤᠨ ᠣᠨ ᠰᠠᠷ᠎ᠠ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠤᠯᠠᠨ ᠳᠤ ᠶᠣᠰᠣ ᠰᠤᠷᠲᠠᠬᠤᠨ ᠤ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ ᠲᠡᠷᠡ᠄ ︽ᠢᠷᠠᠭᠤ ᠠᠯᠳᠠᠷ ᠪᠣᠯᠣᠨ ᠠᠮᠵᠢᠯᠲᠠ ᠪᠦᠲᠦᠮᠵᠢ ᠪᠦᠬᠦᠨ ᠳᠤ ᠪᠢ ᠪᠣᠯᠣᠨ ᠭᠡᠷ ᠤᠨ ᠬᠥᠮᠥᠰ ᠤᠨ ᠬᠦᠴᠦ ᠬᠥᠯᠥᠰᠦ᠂ ᠰᠢᠷᠭᠠᠭᠤ ᠬᠥᠳᠡᠯᠮᠦᠷᠢ ᠰᠢᠩᠭᠡᠵᠦ ᠪᠠᠶᠢᠳᠠᠭ᠂ ᠪᠢ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠷᠭᠦᠯᠵᠢᠯᠡᠨ ᠵᠢᠱᠢᠶᠡᠴᠢ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠬᠠᠶᠢᠷ᠎ᠠ ᠰᠡᠳᠬᠢᠯᠭᠡ ᠪᠠᠷ ᠢᠶᠠᠨ ᠤᠯᠠᠨ ᠲᠦᠮᠡᠨ ᠳᠤ ᠦᠢᠯᠡᠴᠢᠯᠡᠨ᠎ᠡ︾ ᠭᠡᠵᠦ ᠬᠡᠯᠡᠪᠡ᠃ ᠲᠤᠬᠠᠢ ᠶᠢᠨ ᠲᠠᠯᠠᠪᠠᠢ ᠶᠢᠨ ᠰᠣᠨᠣᠰᠤᠭᠴᠢᠳ᠂ ᠢᠷᠡᠭᠡᠳᠦᠢ ᠶᠢᠨ ᠠᠵᠢᠯ ᠳᠤᠮᠳᠠ ᠪᠠᠨ ᠵᠠᠪᠠᠯ ᠲᠤᠰ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠣᠯᠣᠭᠰᠠᠨ ᠦᠯᠢᠭᠡᠷ ᠳᠠᠭᠤᠷᠢᠶᠠᠯ ᠤᠨ ᠬᠦᠴᠦᠨ ᠢᠶᠠᠨ ᠦᠨᠡᠨ ᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃      ᠨᠢᠭᠡ ᠨᠡᠶᠢᠲᠡᠯᠢᠭ ᠵᠢᠱᠢᠶ᠎ᠡ ᠪᠣᠯ ᠳᠠᠷᠤᠢ ᠨᠢᠭᠡ ᠲᠤᠭ ᠲᠡᠮᠳᠡᠭ ᠮᠥᠨ᠂ ᠨᠢᠭᠡ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠪᠣᠯ ᠳᠠᠷᠤᠢ ᠨᠢᠭᠡ ᠤᠳᠠᠭ᠎ᠠ ᠶᠢᠨ ᠵᠣᠷᠢᠭ ᠰᠠᠨᠠᠭᠠᠨ ᠤ ᠦᠪᠡᠳᠡᠭᠰᠢ ᠳᠠᠶᠢᠯᠠᠯᠭ᠎ᠠ ᠮᠥᠨ᠃ ᠳᠠᠷᠠᠭᠠᠴᠢ ᠶᠢᠨ ᠠᠯᠬᠤᠮ ᠳᠤ᠂ ᠳ᠋ᠦᠩᠱᠧᠩ ᠨᠡᠶᠢᠭᠡᠮ ᠲᠣᠭᠤᠷᠢᠭ ᠤᠨ ᠬᠢᠨ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠶᠣᠰᠣ ᠰᠤᠷᠲᠠᠬᠤᠨ ᠤ ᠵᠢᠱᠢᠶᠡᠴᠢ ᠶᠢᠨ ᠦᠢᠯᠡ ᠠᠵᠢᠯᠯᠠᠭ᠎ᠠ ᠶᠢ ᠤᠬᠠᠭᠤᠯᠤᠨ ᠰᠤᠷᠤᠯᠴᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠴᠠᠭ ᠦᠶ᠎ᠡ ᠶᠢᠨ ᠵᠢᠱᠢᠶᠡᠴᠢ᠂ ᠶᠣᠰᠣ ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠨ ᠬᠥᠮᠥᠨ ᠤ ᠦᠢᠯᠡ ᠠᠵᠢᠯᠯᠠᠭ᠎ᠠ ᠪᠣᠯᠣᠨ ᠵᠣᠷᠢᠭ ᠰᠠᠨᠠᠭ᠎ᠠ ᠶᠢ ᠥᠷᠭᠡᠨ ᠢᠶᠠᠷ ᠳᠡᠯᠭᠡᠷᠡᠭᠦᠯᠵᠦ᠂ ᠬᠠᠷᠢᠶ᠎ᠠ ᠲᠣᠭᠤᠷᠢᠭ ᠲᠠᠭᠠᠨ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠰᠣᠶᠣᠯ ᠤᠨ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1