8 ᠳ᠋ᠤᠭᠠᠷ ᠰᠠᠷ᠎ᠠ ᠶᠢᠨ 28 ᠤ ᠡᠳᠦᠷ᠂ ︽ᠴᠢᠳᠠᠪᠤᠷᠢᠲᠠᠳ ᠢ ᠬᠥᠬᠡᠬᠤᠲᠠᠨ᠎ᠠ ᠴᠤᠭᠯᠠᠷᠠᠭᠤᠯᠵᠤ᠂ | ᠳᠠᠭᠤᠷᠢᠰᠤᠮᠠ ᠢᠷᠡᠭᠡᠳᠦᠢ ᠶᠢ ᠴᠣᠭᠴᠠᠯᠠᠶ᠎ᠠ︾ ᠭᠤᠣᠯ ᠰᠡᠳᠦᠪᠲᠦ ᠭᠤᠷᠪᠠᠳᠤᠭᠠᠷ ᠬᠤᠭᠤᠴᠠᠭᠠᠨ ᠤ | ᠠᠺᠠᠳᠧᠮᠢᠴᠢ ᠶᠢᠨ ᠬᠥᠬᠡᠬᠤᠲᠠ ᠳᠠᠬᠢ ᠠᠶᠠᠯᠠᠯ ᠵᠢᠴᠢ ᠣᠷᠣᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢᠲᠠᠨ ᠤ ᠶᠡᠭᠡ ᠬᠤᠷᠠᠯ ᠶᠠᠪᠤᠭᠳᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ | ᠨᠠᠮ ᠤᠨ ᠬᠤᠷᠢᠶᠠᠨ ᠤ ᠱᠦᠵᠢ ᠪᠦᠦ ᠭᠠᠩ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠪᠦᠦ ᠰᠢᠶᠠᠨ ᠬᠤᠸᠠ ᠶᠠᠷᠢᠶ᠎ᠠ ᠲᠠᠯᠪᠢᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ | ᠵᠢᠶᠦ᠋ᠨ ᠴᠢᠩ ᠬᠤᠷᠠᠯ ᠳᠤ ᠣᠷᠣᠯᠴᠠᠵᠠᠢ᠃ | ᠪᠦᠦ ᠭᠠᠩ ᠪᠠᠶᠠᠷ ᠤᠨ ᠦᠭᠡᠨ ᠳᠤ ᠪᠠᠨ᠂ 2021ᠣᠨ ᠳᠤ ︽ᠠᠺᠠᠳᠧᠮᠢᠴᠢ ᠶᠢᠨ ᠬᠥᠬᠡᠬᠤᠲᠠ ᠳᠠᠬᠢ | ᠠᠶᠠᠯᠠᠯ︾ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠣᠷᠣᠨ ᠤ ᠲᠥᠪ ᠤᠨ ᠰᠢᠨ᠎ᠡ ᠶᠢ ᠡᠭᠦᠳᠬᠦ ᠪᠣᠳᠠᠲᠤ | ᠬᠦᠴᠦᠨ ᠢ ᠰᠢᠨ᠎ᠡ ᠳᠡᠭᠲᠡᠷ ᠲᠤ ᠭᠠᠷᠭᠠᠬᠤ᠂ ᠰᠢᠨ᠎ᠡ ᠶᠢ ᠡᠭᠦᠳᠬᠦ ᠠᠵᠤ ᠠᠬᠤᠶᠢᠯᠠᠯ ᠢ ᠪᠤᠶᠢᠵᠢᠭᠤᠯᠬᠤ ᠲᠠᠯ᠎ᠠ ᠪᠠᠷ | ᠰᠢᠨ᠎ᠡ ᠰᠢᠪᠲᠤᠯᠤᠯᠲᠠ ᠲᠠᠢ ᠪᠣᠯᠭᠠᠬᠤ ᠪᠠ ᠰᠢᠨ᠎ᠡ ᠶᠢ ᠡᠭᠦᠳᠬᠦ ᠬᠠᠮᠲᠤᠷᠠᠯᠴᠠᠭ᠎ᠠ ᠰᠢᠨ᠎ᠡ ᠦᠷ᠎ᠡ ᠪᠦᠲᠦᠮᠵᠢ | ᠣᠯᠬᠤ ᠶᠢ ᠠᠬᠢᠭᠤᠯᠵᠤ᠂ ᠣᠷᠣᠨ ᠤ ᠲᠥᠪ ᠤᠨ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠪᠠ ᠴᠢᠳᠠᠪᠤᠷᠢᠲᠠᠨ ᠤ ᠥᠨᠳᠦᠷᠯᠢᠭ ᠢ ᠲᠦᠷᠭᠡᠬᠡᠨ ᠪᠠᠶᠢᠭᠤᠯᠬᠤ ᠳᠤ ᠬᠦᠴᠦᠨ | ᠨᠡᠮᠡᠷᠢᠯᠡᠵᠡᠢ᠃ ᠲᠥᠪ ᠬᠤᠳᠠ ᠶᠢᠨ ᠬᠢᠨ ᠡᠯ᠎ᠡ ᠲᠦᠷᠦᠯ ᠤᠨ ᠴᠢᠳᠠᠪᠤᠷᠢᠲᠠᠳ ᠢ ᠬᠥᠬᠡᠬᠤᠲᠠ ᠲᠠᠢ ᠬᠠᠮᠲᠤᠷᠠᠨ ︽ | ᠬᠦᠭᠵᠢᠭᠦᠯᠬᠦ ᠬᠠᠮᠰᠠᠭᠠᠲᠠᠨ︾᠂ ︽ᠲᠡᠮᠡᠴᠡᠬᠦ ᠬᠠᠮᠲᠤ ᠶᠢᠨ ᠴᠣᠭᠴᠠ︾ ᠪᠣᠯᠬᠤ ᠶᠢ ᠴᠢᠩ ᠰᠡᠳᠬᠢᠯ ᠠᠴᠠ ᠪᠠᠨ | ᠤᠷᠢᠵᠤ᠂ ᠴᠠᠭ ᠦᠶ᠎ᠡ ᠶᠢᠨ ᠪᠣᠯᠵᠣᠭᠠᠨ ᠳᠤ ᠬᠠᠮᠲᠤ ᠪᠠᠷ ᠪᠣᠯᠵᠣᠵᠤ᠂ ᠰᠠᠶᠢᠨ ᠰᠠᠶᠢᠬᠠᠨ ᠵᠢᠷᠤᠭ ᠲᠥᠯᠥᠪᠯᠡᠭᠡ ᠶᠢ | ᠬᠠᠮᠲᠤ ᠪᠠᠷ ᠵᠢᠷᠤᠭᠯᠠᠶ᠎ᠠ ᠭᠡᠪᠡ᠃ | ᠪᠦᠦ ᠰᠢᠶᠠᠨ ᠬᠤᠸᠠ ᠢᠯᠡᠷᠬᠡᠶᠢᠯᠡᠬᠦ ᠳᠤ ᠪᠠᠨ᠂ ᠲᠣᠰ ᠤᠳᠠᠭᠠᠨ ᠤ ᠶᠡᠭᠡ ᠬᠤᠷᠠᠯ ᠢᠶᠠᠷ ᠠᠵᠠ ᠲᠣᠬᠢᠶᠠᠯ | ᠪᠣᠯᠭᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ | ᠲᠣᠭᠤᠷᠢᠨ ᠳᠤ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠴᠢᠳᠠᠪᠤᠷᠢᠲᠠᠨ ᠤ ᠦᠢᠯᠡᠴᠢᠯᠡᠭᠡᠨ ᠤ ︽ | ᠪᠠᠲᠤ ᠴᠢᠩᠭ᠎ᠠ ᠪᠠᠲᠤᠯᠠᠭ᠎ᠠ︾ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ︽ᠵᠥᠭᠡᠯᠡᠨ ᠪᠣᠳᠠᠲᠤ | ᠬᠦᠴᠦᠨ︾ ᠢ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠢᠭᠡ ᠪᠦᠯᠦᠭ ᠲᠡᠷᠢᠭᠦᠨ ᠤ | ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠰ ᠤᠨ ᠬᠦᠷᠢᠶᠡᠨ ᠳᠠᠬᠢ ᠳᠡᠭᠡᠳᠦ ᠲᠠᠰ ᠳᠠᠪᠬᠤᠷᠭ᠎ᠠ ᠶᠢᠨ | ᠳᠠᠭᠠᠭᠤᠯᠤᠭᠴᠢ ᠴᠢᠳᠠᠪᠤᠷᠢᠲᠠᠳ ᠢ ᠴᠤᠭᠯᠠᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠣᠯᠭᠤᠬᠤ ᠶᠢ ᠬᠦᠰᠡᠵᠦ ᠪᠠᠶᠢᠨ᠎ᠠ ᠭᠡᠵᠡᠢ᠃ | ᠢᠷᠡᠯᠲᠡ᠄ ᠠᠷᠠᠳ ᠤᠨ ᠰᠦᠯᠵᠢᠶ᠎ᠡ |