ᠬᠠᠮᠢᠶᠠᠳᠡᠢ ᠲᠤᠭ᠎ᠠ ᠪᠠᠷᠢᠮᠳᠠ ᠠᠴᠠ ᠦᠵᠡᠪᠡᠯ᠂ 8 ᠳ᠋ᠤᠭᠠᠷ ᠰᠠᠷ᠎ᠠ ᠶᠢᠨ 31 ᠤ ᠡᠳᠤᠷ ᠤᠨ 21 ᠴᠠᠭ | ᠪᠤᠯᠳᠠᠯ᠎ᠠ᠂ 2023 ᠤᠨ ᠤ ᠵᠤᠨ ᠤ ᠠᠮᠠᠷᠠᠯᠳᠡ ᠶᠢᠨ ᠬᠤᠭᠤᠴᠠᠭᠠᠨ ᠤ ᠺᠢᠨᠤ᠋ ᠶᠢᠨ ᠪᠢᠯᠧᠲ ᠤᠨ ᠤᠷᠤᠯᠭ᠎ᠠ 206 | ᠳ᠋ᠦᠩᠰᠢᠭᠤᠷ 900ᠲᠦᠮᠡᠨ ᠲᠦᠬᠦᠷᠢᠭ ᠢ ᠳᠠᠪᠠᠵᠤ᠂ ᠲᠡᠤᠭᠡᠨ ᠲᠡᠮᠳᠡᠭᠯᠡᠯ ᠢ ᠰᠢᠨᠡᠳᠭᠡᠭᠰᠡᠨ ᠪᠠᠶᠢᠨ᠎ᠠ᠃ ᠮᠠᠨ ᠤ | ᠤᠯᠤᠰ ᠤᠨ ᠦᠪᠡᠷᠳᠡᠭᠡᠨ ᠰᠢᠩᠬᠡᠬᠡᠨ ᠦᠢᠯᠡᠳᠦᠭᠰᠡᠨ ᠺᠢᠨᠤ᠋ ᠨᠤᠭᠤᠳ ᠨᠢ ᠦᠵᠡᠭᠴᠢᠳ ᠤᠨ ᠬᠠᠷᠠᠭ᠎ᠠ ᠶᠢ ᠪᠤᠯᠢᠶᠠᠵᠤ | ᠂ ᠺᠢᠨᠤ᠋ ᠵᠦᠴᠦᠬᠡ ᠶᠢᠨ ᠠᠵᠢᠯ ᠲᠦᠷᠦᠯ ᠤᠨ ᠪᠦᠬᠦ ᠲᠠᠯ᠎ᠠ ᠶᠢᠨ ᠰᠡᠷᠬᠦᠯᠳᠡ ᠶᠢ ᠡᠷᠴᠢᠳᠡᠢ ᠳᠠᠶᠢᠴᠢᠯᠠᠭᠰᠠᠨ ᠢᠶᠠᠷ | ᠪᠠᠷᠠᠬᠤ ᠦᠬᠡᠢ ᠲᠤᠮᠳᠠᠳᠤ ᠤᠯᠤᠰ ᠤᠨ ᠰᠢᠯᠢᠳᠡᠭ ᠤᠯᠠᠮᠵᠢᠯᠡᠯᠳᠤ ᠰᠤᠶᠤᠯ ᠤᠨ ᠦᠷᠨᠢᠯᠳᠡ ᠶᠢ ᠴᠦ ᠬᠦᠴᠦᠳᠡᠢ | ᠠᠬᠢᠭᠤᠯᠤᠭᠰᠠᠨ ᠪᠠᠶᠢᠨ᠎ᠠ᠃ | ᠡᠨᠡ ᠵᠢᠯ ᠤᠨ ᠵᠤᠨ ᠤ ᠠᠮᠠᠷᠠᠯᠳᠡ ᠶᠢᠨ ᠬᠤᠭᠤᠴᠠᠭᠠᠨ ᠳᠤ ᠮᠠᠨ ᠤ ᠤᠯᠤᠰ ᠤᠨ ᠦᠪᠡᠷᠳᠡᠭᠡᠨ ᠰᠢᠩᠭᠡᠭᠡᠨ | ᠦᠢᠯᠡᠳᠦᠭᠰᠡᠨ ᠺᠢᠨᠤ᠋ ᠭᠤᠤᠯ ᠪᠠᠶᠢᠷᠢ ᠶᠢ ᠡᠵᠡᠯᠡᠵᠦ᠂ ᠺᠢᠨᠤ᠋ ᠶᠢᠨ ᠪᠢᠯᠧᠲ ᠤᠨ ᠪᠤᠷᠤᠯᠠᠭᠤᠯᠭ᠎ᠠ ᠶᠢᠨ ᠵᠠᠭᠤᠨ ᠤ | 87 ᠶᠢ ᠡᠵᠡᠯᠡᠭᠰᠡᠨ ᠪᠠᠶᠢᠨ᠎ᠠ᠃ | ᠤᠶᠢᠷ᠎ᠠ ᠶᠢᠨ ᠬᠤᠶᠠᠷ ᠵᠢᠯ ᠳᠤ᠂ ᠮᠠᠨ ᠤ ᠤᠯᠤᠰ ᠤᠨ ᠺᠢᠨᠤ᠋ ᠵᠦᠴᠦᠬᠡ ᠰᠤᠶᠤᠯ ᠤᠨ ᠤᠬᠠᠮᠰᠠᠷ᠂ | ᠰᠤᠶᠤᠯ ᠤᠨ ᠢᠳᠡᠬᠡᠯ ᠢᠶᠠᠷ ᠪᠢᠯᠬᠠᠵᠤ᠂ ᠲᠤᠮᠳᠠᠳᠤ ᠤᠯᠤᠰ ᠤᠨ ᠰᠤᠶᠤᠯ᠂ ᠲᠤᠮᠳᠠᠳᠤ ᠤᠯᠤᠰ ᠤᠨ ᠨᠡᠶᠢᠭᠡᠮ ᠪᠤᠯᠤᠨ | ᠲᠤᠮᠳᠠᠳᠤ ᠤᠯᠤᠰ ᠤᠨ ᠠᠷᠠᠳ ᠲᠦᠮᠡᠨ ᠤ ᠠᠮᠢᠳᠤᠷᠠᠯ ᠢ ᠲᠤᠰᠬᠠᠵᠤ᠂ ᠬᠡᠯᠡ ᠶᠠᠷᠢᠶ᠎ᠠ᠂ ᠤᠷᠠᠯᠢᠭ ᠤᠨ ᠬᠤᠪᠢ ᠳᠤ | ᠴᠦ ᠲᠤᠮᠳᠠᠳᠤ ᠤᠯᠤᠰ ᠤᠨ ᠬᠡᠪ ᠨᠠᠮᠪᠠ ᠶᠢ ᠬᠦᠢᠴᠡᠳ ᠬᠠᠷᠠᠭᠤᠯᠤᠭᠰᠠᠨ ᠪᠠᠶᠢᠨ᠎ᠠ᠃ | ᠢᠷᠡᠯᠳᠡ᠄ ᠠᠷᠠᠳ ᠤᠨ ᠰᠦᠯᠵᠢᠶ᠎ᠡ |