ᠠᠯᠪᠠᠨ ᠠᠴᠠ ᠡᠷᠬᠢᠯᠡᠭᠰᠡᠨ ᠴᠡᠴᠡᠷᠯᠢᠭ ᠢ ᠨᠡᠮᠡᠨ᠎ᠡ
ᠨᠡᠶᠢᠲᠡᠯᠡᠭᠰᠡᠨ ᠴᠠᠭ᠄
2023/9/5
      ᠣᠶᠢᠷ᠎ᠠ ᠳᠤ᠂ ᠨᠠᠮ ᠤᠨ ᠲᠦᠪ ᠬᠤᠷᠢᠶᠠᠨ ᠤ ᠠᠯᠪᠠᠨ ᠲᠢᠩᠭᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ︽ᠤᠯᠠᠨ ᠨᠡᠶᠢᠳᠡ ᠶᠢᠨ ᠰᠠᠭᠤᠷᠢ ᠰᠤᠷᠭᠠᠨ ᠬᠦᠮᠦᠵᠢᠯ ᠤᠨ ᠴᠢᠨᠠᠷᠯᠢᠭ ᠪᠦᠭᠡᠳ ᠲᠡᠩᠴᠡᠬᠦᠷᠢᠳᠡᠢ  ᠦᠢᠯᠡᠴᠢᠯᠡᠬᠡᠨ ᠤ ᠰᠢᠰᠲ᠋ᠧᠮ ᠢ ᠪᠠᠶᠢᠭᠤᠯᠬᠤ ᠲᠤᠬᠠᠢ ᠰᠠᠨᠠᠯ︾ ᠢ ᠬᠡᠪᠯᠡᠭᠦᠯᠦᠨ  ᠲᠠᠷᠬᠠᠭᠠᠪᠠ᠃ ᠰᠤᠷᠭᠠᠨ ᠬᠦᠮᠦᠵᠢᠯ ᠤᠨ ᠶᠠᠮᠤᠨ᠂ ᠤᠯᠤᠰ ᠤᠨ ᠬᠥᠭᠵᠢᠯᠲᠡ ᠦᠭᠡᠷᠡᠴᠢᠯᠡᠯᠳᠡ ᠶᠢᠨ ᠺᠣᠮᠢᠰ᠂ ᠡᠳ᠋ ᠤᠨ ᠵᠠᠰᠠᠭ ᠤᠨ ᠶᠠᠮᠤᠨ ᠬᠠᠮᠳᠤᠷᠠᠨ ︽ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠦᠮᠦᠵᠢᠯ ᠢ ᠥᠷᠭᠡᠳᠬᠡᠨ ᠰᠢᠯᠢᠳᠡᠭᠵᠢᠭᠦᠯᠵᠦ᠂ ᠴᠢᠨᠠᠷ ᠴᠢᠨᠰᠠᠭ᠎ᠠ ᠶᠢ ᠨᠢ ᠲᠡᠭᠡᠭᠰᠢᠯᠡᠬᠦᠯᠬᠦ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠬᠦᠯᠬᠦ ᠲᠤᠬᠠᠢ ᠰᠠᠨᠠᠯ︾ ᠢ ᠬᠡᠪᠯᠡᠭᠦᠯᠦᠨ ᠲᠠᠷᠬᠠᠭᠠᠪᠠ᠃                                    ᠡᠭᠦᠨ ᠤ ᠭᠤᠤᠯ ᠬᠠᠷᠠᠯᠳᠠ ᠨᠢ ᠭᠡᠪᠡᠯ ᠳᠠᠷᠤᠢ᠂ 2027 ᠣᠨ ᠪᠤᠯᠬᠤ ᠳᠤ᠂  ᠰᠤᠷᠬᠤ  ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠨᠡᠶᠢᠳᠡᠮ ᠳᠤᠨᠢ ᠬᠠᠷᠠᠭᠠᠯᠵᠠᠯ ᠦᠵᠡᠬᠦᠯᠬᠦ ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠴᠢᠨᠠᠷ ᠰᠠᠶᠢᠲᠠᠢ ᠪᠥᠭᠡᠳ ᠲᠡᠩᠴᠡᠬᠦᠷᠢᠳᠡᠢ ᠪᠣᠯᠭᠠᠬᠤ᠂  ᠡᠩ ᠤᠨ ᠦᠨᠳᠦᠷ ᠵᠡᠷᠭᠡ ᠶᠢᠨ ᠲᠤᠮᠳᠠᠳᠣ ᠰᠤᠷᠭᠠᠭᠤᠯᠢ ᠴᠢᠨᠠᠷ ᠰᠠᠶᠢᠲᠠᠢ ᠪᠠ ᠤᠨᠴᠠᠯᠢᠭᠳᠠᠢ ᠪᠣᠯᠭᠠᠬᠤ᠂ ᠤᠨᠴᠠᠭᠠᠢ ᠰᠤᠷᠭᠠᠨ ᠬᠦᠮᠦᠵᠢᠯ ᠴᠢᠨᠠᠷ ᠰᠠᠶᠢᠲᠠᠢ  ᠠᠭᠤᠰᠤᠯᠴᠠᠨ ᠬᠦᠭᠵᠢᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠬᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ  ᠬᠦᠮᠦᠵᠢᠯ ᠤᠨ ᠱᠠᠳᠤᠨ ᠳᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ ᠬᠡᠦᠬᠡᠳ ᠤᠨ ᠴᠡᠴᠡᠷᠯᠢᠭ ᠤᠨ ᠪᠦᠬᠦ ᠲᠣᠭᠠᠨ ᠤ 60% ᠠᠴᠠ ᠲᠡᠭᠡᠭᠰᠢᠬᠢ ᠪᠣᠯᠭᠠᠬᠤ ᠪᠠᠷ ᠴᠢᠷᠮᠠᠶᠢᠬᠤ ᠪᠣᠯᠣᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1