ᠶᠦᠨ ᠵᠥᠩ ᠵᠠᠮ ᠤᠨ ᠲᠣᠮᠢᠯᠠᠭᠰᠠᠨ ᠰᠠᠯᠪᠤᠷᠢ 1948 ᠣᠨ ᠤ 9 ᠰᠠᠷ᠎ᠠ ᠳᠤ ᠪᠠᠶᠢᠭᠤᠯᠤᠭᠳᠠᠵᠤ᠂ ᠣᠲᠣ | ᠬᠥᠬᠡᠬᠤᠲᠠ ᠶᠢᠨ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠲᠥᠪ ᠲᠣᠭᠤᠷᠢᠭ ᠤᠨ 8 ᠨᠡᠶᠢᠭᠡᠮ | ᠲᠣᠭᠤᠷᠢᠭ ᠵᠢᠴᠢ ᠡᠷᠬᠢᠨ ᠲᠣᠭᠤᠷᠢᠨ ᠤ 7 ᠵᠠᠰᠠᠭ ᠵᠠᠬᠢᠷᠭᠠᠨ ᠤ ᠲᠣᠰᠬᠤᠨ ᠢ ᠬᠠᠷᠢᠶᠠᠯᠠᠵᠤ ᠪᠣᠶ᠃ | ᠣᠶᠢᠷ᠎ᠠ ᠶᠢᠨ ᠵᠢᠯ ᠠᠴᠠ ᠨᠠᠭᠠᠰᠢ᠂ ᠶᠦᠨ ᠵᠥᠩ ᠵᠠᠮ ᠤᠨ ᠲᠣᠮᠢᠯᠠᠭᠰᠠᠨ ᠰᠠᠯᠪᠤᠷᠢ ︽ᠰᠢᠨ᠎ᠡ | ᠰᠢᠯᠭᠠᠯᠲᠠ ᠳᠤ ᠣᠷᠣᠯᠴᠠᠬᠤ ᠵᠠᠮ︾ ᠳᠠᠭᠠᠨ ᠨᠠᠮ ᠪᠠ ᠠᠷᠠᠳ ᠲᠦᠮᠡᠨ ᠳᠤ ᠰᠢᠯᠢᠳᠡᠭ ᠰᠢᠯᠭᠠᠯᠲᠠ ᠶᠢᠨ ᠬᠠᠭᠤᠳᠠᠰᠤ | ᠲᠤᠰᠢᠶᠠᠬᠤ ᠶᠢᠨ ᠲᠥᠯᠥᠭᠡ᠂ ᠳᠡᠭᠡᠳᠦᠰ ᠤᠨ ᠢᠶᠠᠨ ᠢᠲᠡᠭᠡᠯ ᠪᠢᠰᠢᠷᠡᠯ ᠤᠨ ᠤᠭ ᠰᠠᠨᠠᠭ᠎ᠠ ᠶᠢ ᠤᠯᠠᠮᠵᠢᠯᠠᠨ | ᠵᠠᠯᠭᠠᠮᠵᠢᠯᠠᠵᠤ᠂ ᠠᠵᠢᠯ ᠤᠨ ᠰᠡᠳᠬᠢᠴᠡ ᠪᠠᠨ ᠥᠭᠡᠷᠡᠴᠢᠯᠡᠵᠦ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ | ᠪᠠᠶᠢᠭᠤᠯᠤᠯᠲᠠ ᠪᠠ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠹᠧᠩ ᠴᠢᠶᠣᠤ ᠶᠢᠨ ᠲᠤᠷᠰᠢᠯᠭ᠎ᠠ︾ ᠪᠠᠷ | ᠴᠠᠭᠳᠠᠭ᠎ᠠ ᠠᠷᠠᠳ ᠤᠨ ᠡᠶ᠎ᠡ ᠵᠣᠬᠢᠴᠠᠯ ᠲᠠᠢ ᠬᠠᠷᠢᠴᠠᠭ᠎ᠠ ᠶᠢ ᠢᠳᠡᠪᠬᠢᠲᠡᠢ ᠪᠠᠷ ᠪᠠᠶᠢᠭᠤᠯᠵᠤ᠂ ᠬᠠᠷᠢᠶ᠎ᠠ ᠣᠷᠣᠨ ᠤ | ᠠᠮᠤᠷ ᠲᠦᠪᠰᠢᠨ ᠤ ᠣᠷᠴᠢᠨ ᠨᠥᠬᠦᠴᠡᠯ ᠰᠠᠶᠢᠨ᠂ ᠬᠡᠷᠡᠭ ᠭᠠᠷᠬᠤ ᠨᠤᠷᠮ᠎ᠠ ᠳᠣᠣᠷ᠎ᠠ ᠪᠠᠶᠢᠬᠤ ᠬᠠᠷᠠᠯᠲᠠ ᠶᠢ | ᠪᠡᠶᠡᠯᠡᠭᠦᠯᠵᠦ᠂ ᠬᠠᠷᠢᠶ᠎ᠠ ᠣᠷᠣᠨ ᠤ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠪᠠ ᠤᠯᠠᠨ ᠲᠦᠮᠡᠨ ᠤ ᠠᠮᠤᠷ | ᠲᠠᠶᠢᠪᠤᠩ ᠠᠵᠤ ᠲᠦᠷᠦᠭᠦ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠨᠥᠬᠦᠴᠡᠯ ᠢ ᠪᠤᠢ ᠪᠣᠯᠭᠠᠵᠤ | ᠥᠭᠪᠡ᠃ | | | | | ᠨᠠᠮ ᠤᠨ ᠪᠠᠶᠢᠭᠤᠯᠤᠯᠲᠠ ᠶᠢᠨ ᠬᠥᠲᠥᠯᠥᠮᠵᠢ ᠨᠢ ᠢᠲᠡᠭᠡᠯ ᠪᠢᠰᠢᠷᠡᠯ ᠤᠯᠠᠮᠵᠢᠯᠠᠯ ᠤᠨ ᠢᠵᠢᠯ ᠲᠥᠪᠲᠦ | ᠲᠣᠭᠤᠷᠢᠭ ᠢ ᠵᠢᠷᠤᠭᠯᠠᠪᠠ | ︽ᠪᠢ ᠳᠤᠮᠳᠠᠳᠤ ᠤᠯᠤᠰ ᠤᠨ ᠡᠪ ᠬᠠᠮᠲᠤ ᠨᠠᠮ ᠳᠤ ᠰᠠᠶᠢᠨ ᠳᠤᠷ᠎ᠠ ᠠᠴᠠ ᠪᠠᠨ ᠣᠷᠣᠵᠤ᠂ ᠨᠠᠮ ᠤᠨ | ᠬᠥᠲᠥᠯᠪᠦᠷᠢ ᠶᠢ ᠬᠦᠷᠢᠶᠡᠯᠡᠨ᠂ ᠨᠠᠮ ᠤᠨ ᠲᠤᠶᠢᠷᠢᠮ ᠢ ᠰᠠᠬᠢᠵᠤ᠂ ᠨᠠᠮ ᠤᠨ ᠭᠡᠰᠢᠭᠦᠨ ᠤ ᠡᠭᠦᠷᠭᠡ ᠶᠢ ᠭᠦᠢᠴᠡᠳᠬᠡᠵᠦ | ᠂ ᠨᠠᠮ ᠤᠨ ᠲᠣᠭᠲᠠᠭᠠᠯ ᠢ ᠬᠡᠷᠡᠭᠵᠢᠭᠦᠯᠦᠨ᠂ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠠᠮ ᠤᠨ | ᠨᠢᠭᠤᠴᠠ ᠶᠢ ᠬᠠᠮᠠᠭᠠᠯᠠᠨ᠂ ᠨᠠᠮ ᠳᠠᠭᠠᠨ ᠦᠨᠡᠨᠴᠢ ᠪᠠᠶᠢᠵᠤ᠂ ᠢᠳᠡᠪᠬᠢᠲᠡᠢ ᠠᠵᠢᠯᠯᠠᠨ᠂ ᠡᠪ ᠬᠠᠮᠲᠤ ᠶᠣᠰᠣᠨ ᠤ | ᠲᠥᠯᠥᠭᠡ ᠨᠠᠰᠤ ᠪᠠᠷ ᠢᠶᠠᠨ ᠲᠡᠮᠡᠴᠡᠵᠦ᠂ ᠨᠠᠮ ᠪᠠ ᠠᠷᠠᠳ ᠲᠦᠮᠡᠨ ᠤ ᠲᠥᠯᠥᠭᠡ ᠠᠯᠢᠪᠠ ᠪᠦᠬᠦᠠ ᠢᠶᠠᠨ | ᠦᠷᠡᠭᠳᠡᠭᠦᠯᠬᠦ ᠪᠠᠷ ᠴᠠᠭ ᠢᠮᠠᠭᠲᠠ ᠪᠡᠯᠡᠬᠡᠨ ᠪᠠᠶᠢᠵᠤ᠂ ᠬᠡᠵᠢᠶ᠎ᠡ ᠡᠭᠦᠷᠢᠳᠡ ᠨᠠᠮ ᠠᠴᠠ ᠤᠷᠪᠠᠭ᠋ᠤ ᠦᠭᠡᠢ︾᠃ | ︽ᠲᠤᠯᠤᠭᠠᠨ ᠰᠠᠷ᠎ᠠ ᠶᠢᠨ ᠨᠢᠭᠡᠨ︾ ᠣᠶᠢᠷᠠᠲᠤᠯ᠎ᠠ᠂ ᠶᠦᠨ ᠵᠦᠩ ᠵᠠᠮ ᠤᠨ ᠲᠣᠮᠢᠯᠠᠭᠰᠠᠨ ᠰᠠᠯᠪᠤᠷᠢ ᠶᠢᠨ ᠨᠠᠮ ᠤᠨ | ᠡᠭᠦᠷ ᠠᠴᠠ ᠨᠠᠮ ᠤᠨ ᠭᠡᠰᠢᠭᠦᠨ ᠠᠷᠠᠳ ᠤᠨ ᠲᠤᠰᠠᠯᠠᠬᠤ ᠴᠠᠭᠳᠠᠭ᠎ᠠ ᠪᠠ ᠨᠠᠮ ᠳᠤ ᠣᠷᠣᠬᠤ ᠢᠳᠡᠪᠬᠢᠲᠡᠨ ᠢ | ᠵᠣᠬᠢᠶᠠᠨ ᠪᠠᠶᠢᠭᠤᠯᠵᠤ᠂ ᠤᠯᠠᠭᠠᠨᠬᠦᠦ ᠶᠢᠨ ᠬᠠᠭᠤᠴᠢᠨ ᠰᠠᠭᠤᠴᠠ ᠳᠤ ᠬᠦᠷᠴᠦ ᠬᠤᠪᠢᠰᠬᠠᠯ ᠤᠨ ᠬᠥᠮᠦᠵᠢᠯ ᠤᠨ | ᠰᠠᠭᠤᠷᠢᠨ ᠭᠠᠵᠠᠷ ᠢ ᠲᠣᠭᠤᠷᠢᠨ ᠦᠵᠡᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠡᠷᠭᠢᠴᠡᠭᠦᠯᠦᠨ᠂ | ᠨᠠᠮ ᠤᠨ ᠭᠡᠰᠢᠭᠦᠨ ᠠᠷᠠᠳ ᠤᠨ ᠲᠤᠰᠠᠯᠠᠬᠤ ᠴᠠᠭᠳᠠᠭ᠎ᠠ ᠵᠢᠴᠢ ᠨᠠᠮ ᠳᠤ ᠣᠷᠣᠬᠤ ᠢᠳᠡᠪᠬᠢᠲᠡᠨ ᠢ ᠬᠥᠲᠥᠯᠥᠨ | ᠵᠢᠯᠤᠭᠤᠳᠴᠤ ᠪᠠᠶᠢᠭᠠᠳ ᠬᠤᠪᠢᠰᠬᠠᠯ ᠤᠨ ᠳᠤᠷᠠᠰᠤᠮᠵᠢ ᠶᠢ ᠨᠡᠬᠡᠮᠵᠢᠯᠡᠵᠦ᠂ ᠬᠤᠪᠢᠰᠬᠠᠯ ᠤᠨ ᠤᠯᠠᠮᠵᠢᠯᠠᠯ ᠤᠨ | ᠬᠥᠮᠦᠵᠢᠯ ᠢ ᠬᠦᠷᠲᠡᠵᠦ᠂ ᠬᠤᠪᠢᠰᠬᠠᠯ ᠤᠨ ᠳᠤᠷᠠᠰᠤᠮᠵᠢ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠬᠡᠨ | ᠠᠪᠴᠤ᠂ ᠨᠠᠮᠴᠢ ᠴᠢᠨᠠᠷ ᠤᠨ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠳᠠᠯᠠᠨ ᠲᠠᠪᠤᠨ ᠵᠢᠯ ᠤᠨ ᠤᠯᠠᠮᠵᠢᠯᠠᠭᠰᠠᠭᠠᠷ ᠢᠡᠷᠭᠰᠡᠨ ᠤᠭ ᠰᠠᠨᠠᠭ᠎ᠠ ᠪᠠᠨ ᠬᠤᠪᠢᠷᠠᠭᠤᠯᠬᠤ ᠦᠭᠡᠢ | ᠶᠦᠨ ᠵᠥᠩ ᠵᠠᠮ ᠤᠨ ᠲᠣᠮᠢᠯᠠᠭᠰᠠᠨ ᠰᠠᠯᠪᠤᠷᠢ ᠳᠤ᠂ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠪᠣᠯ | ᠨᠢᠭᠡ ᠵᠦᠢᠯ ᠤᠨ ᠳᠠᠳᠬᠠᠯ᠂ ᠨᠢᠭᠡ ᠵᠦᠢᠯ ᠤᠨ ᠤᠯᠠᠮᠵᠢᠯᠠᠯ ᠮᠥᠨ᠃ ᠳᠣᠲᠣᠭᠠᠳᠤ ᠶᠢ ᠬᠠᠮᠠᠭᠠᠯᠠᠬᠤ ᠠᠵᠢᠯ ᠳᠤ | ᠰᠠᠶ᠋ᠢᠬᠠᠨ ᠣᠷᠣᠯᠴᠠᠭᠰᠠᠨ ᠰᠢᠨ᠎ᠡ ᠴᠠᠭᠳᠠᠭ᠎ᠠ ᠨᠢᠭᠡᠪᠦᠷᠢ ᠴᠥᠮ ᠨᠢᠭᠡᠨ ᠪᠠᠶᠠᠯᠢᠭ ᠲᠤᠷᠰᠢᠯᠭ᠎ᠠ ᠲᠠᠢ ᠠᠬᠠᠮᠠᠳ | ᠴᠠᠭᠳᠠᠭ᠎ᠠ ᠲᠠᠢ ᠪᠠᠭᠰᠢ ᠱᠠᠪᠢ ᠪᠣᠯᠵᠤ᠂ ᠪᠠᠭᠰᠢ ᠪᠣᠯᠣᠭᠰᠠᠳ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠵᠢᠭᠠᠨ | ᠰᠤᠷᠭᠠᠵᠤ᠂ ᠪᠦᠬᠦ ᠰᠡᠳᠬᠢᠯ ᠢᠶᠠᠷ ᠢᠶᠠᠨ ᠵᠢᠭᠠᠨ ᠰᠤᠷᠭᠠᠵᠤ᠂ ᠠᠷᠠᠳ ᠲᠦᠮᠡᠨ ᠤ ᠠᠩᠬᠠᠨ ᠤ ᠰᠠᠨᠠᠭ᠎ᠠ ᠪᠣᠯᠭᠠᠨ | ᠤᠯᠠᠮᠵᠢᠯᠠᠳᠠᠭ︔ ᠰᠢᠨ᠎ᠡ ᠴᠠᠭᠳᠠᠭ᠎ᠠ ᠯᠠᠪᠳᠠᠭᠤᠨ ᠲᠣᠭᠲᠠᠭᠤᠨ ᠢᠶᠠᠷ᠂ ᠳᠠᠷᠤᠤ ᠬᠢᠴᠢᠶᠡᠩᠭᠦᠢ ᠪᠠᠷ ᠰᠤᠷᠭᠠᠯ | ᠭᠥᠷᠳᠡᠵᠦ᠂ ᠵᠣᠷᠢᠭᠲᠠᠢ ᠪᠠᠷ ︽ᠵᠠᠯᠭᠠᠮᠵᠢᠯᠠᠭᠴᠢ︾ ᠪᠣᠯᠪᠠ᠃ | ᠲᠤᠭ ᠳᠠᠯᠪᠠᠭ᠎ᠠ ᠶᠢ ᠬᠦᠯᠢᠶᠡᠨ ᠠᠪᠴᠤ ᠬᠠᠷᠢᠶ᠎ᠠ ᠣᠷᠣᠨ ᠤ ᠡᠶ᠎ᠡ ᠵᠣᠬᠢᠴᠠᠩᠭᠤᠢ ᠲᠣᠭᠲᠠᠭᠤᠨ ᠢ ᠪᠦᠬᠦ | ᠬᠦᠴᠦᠨ ᠢᠶᠠᠷ ᠢᠶᠠᠨ ᠬᠠᠮᠠᠭᠠᠯᠠᠨ᠎ᠠ᠃ | ᠶᠦᠨ ᠵᠦᠩ ᠵᠠᠮ ᠤᠨ ᠲᠣᠮᠢᠯᠠᠭᠰᠠᠨ ᠰᠠᠯᠪᠤᠷᠢ ᠬᠠᠷᠢᠶᠠᠲᠤ ᠣᠷᠣᠨ ᠤ ᠪᠠᠨ ᠠᠮᠤᠷ ᠲᠦᠪᠰᠢᠨ ᠤ ᠪᠠᠶᠢᠳᠠᠯ ᠤᠨ | ᠣᠨᠴᠠᠯᠢᠭ ᠲᠠᠢ ᠲᠠᠰᠤᠷᠠᠯᠲᠠ ᠦᠭᠡᠢ ᠤᠶᠠᠯᠳᠤᠭᠤᠯᠤᠨ᠂ ᠠᠮᠤᠷ ᠲᠦᠪᠰᠢᠨ ᠤ ᠪᠠᠶᠢᠳᠠᠯ ᠳᠤ ᠵᠠᠳᠠᠯᠤᠯᠲᠠ ᠬᠢᠵᠦ᠂ | ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠣᠨᠣᠪᠴᠢᠲᠠᠶ ᠡᠷᠢᠨ ᠣᠯᠵᠤ᠂ ᠠᠯᠢ ᠣᠯᠠᠨ ᠪᠦᠲᠦᠮᠵᠢᠲᠡᠶ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠨ᠎ᠠ᠃ | ᠥᠨᠳᠥᠷ ᠳᠠᠪᠲᠠᠮᠵᠢ ᠪᠠᠷ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠬᠠᠷᠢᠶᠠᠲᠤ | ᠣᠷᠣᠨ ᠤ ᠠᠮᠤᠷ ᠲᠣᠭᠲᠠᠭᠤᠨ ᠢ ᠰᠠᠬᠢᠨ ᠬᠠᠮᠠᠭᠠᠯᠠᠨ᠎ᠠ᠃ ᠬᠠᠷᠢᠶ᠎ᠠ ᠣᠷᠣᠨ ᠤ ᠬᠡᠷᠡᠭ ᠭᠠᠷᠤᠭᠰᠠᠨ ᠣᠨᠴᠠᠯᠢᠭ ᠢ | ᠦᠨᠳᠦᠰᠦᠯᠡᠵᠦ᠂ ᠶᠦᠨ ᠵᠥᠩ ᠵᠠᠮ ᠤᠨ ᠲᠣᠮᠢᠯᠠᠭᠰᠠᠨ ᠰᠠᠯᠪᠤᠷᠢ ᠬᠡᠷᠡᠭ ᠣᠯᠠᠨ ᠭᠠᠷᠳᠠᠭ ᠭᠠᠵᠠᠷ ᠣᠷᠣᠨ ᠳᠤ | ᠴᠠᠭᠳᠠᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠡᠳᠦᠷ ᠲᠡᠭᠡᠨ ᠴᠠᠭᠳᠠᠭ᠎ᠠ ᠲᠠᠢ ᠠᠭᠤᠯᠵᠠᠵᠤ᠂ ᠣᠷᠣᠢ ᠳᠠᠭᠠᠨ | ᠴᠠᠭᠳᠠᠭ᠎ᠠ ᠶᠢᠨ ᠳ᠋ᠧᠩ ᠲᠠᠢ ᠠᠭᠤᠯᠵᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠡᠭᠦᠰᠬᠦ ᠶᠢ | ᠪᠦᠲᠦᠮᠵᠢᠲᠡᠢ ᠰᠦᠷᠳᠡᠭᠦᠯᠬᠦ ᠶᠢᠨ ᠬᠠᠮᠲᠤ᠂ ᠡᠯ᠎ᠡ ᠠᠵᠤ ᠠᠬᠤᠶᠢᠯᠠᠯ ᠤᠨ ᠡᠷᠬᠢᠨ ᠲᠣᠭᠤᠷᠢᠨ᠂ ᠳᠣᠲᠣᠭᠠᠳᠤ ᠶᠢᠨ | ᠨᠢᠭᠡᠴᠡ᠂ ᠭᠤᠣᠯᠳᠠᠯᠭ᠎ᠠ ᠲᠠᠢ ᠭᠠᠵᠠᠷ ᠲᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ | ᠰᠤᠷᠤᠯᠭ᠎ᠠ ᠶᠢᠨ ᠪᠠᠶᠢᠷᠢ ᠬᠠᠮᠠᠭᠠᠯᠠᠬᠤ᠂ ᠰᠤᠷᠭᠠᠭᠤᠯᠢ ᠶᠢ ᠬᠠᠮᠠᠭᠠᠯᠠᠵᠤ ᠴᠡᠴᠡᠷᠯᠢᠭ ᠢ ᠲᠥᠪᠬᠢᠨᠡᠭᠦᠯᠬᠦ ᠠᠷᠭ᠎ᠠ | ᠬᠡᠮᠵᠢᠶ᠎ᠡ ᠶᠢ ᠪᠦᠷᠢᠨᠰᠢᠭᠦᠯᠵᠦ᠂ ᠡᠳᠦᠷ ᠪᠦᠷᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠣᠷᠣᠢ ᠪᠦᠷᠢ ᠳᠤᠮᠳᠠᠳᠤ | ᠰᠤᠷᠭᠠᠭᠤᠯᠢ ᠶᠢᠨ ᠰᠤᠷᠤᠭᠴᠢᠳ ᠤᠨ ᠣᠷᠣᠢ ᠶᠢᠨ ᠳᠠᠪᠲᠠᠯᠭ᠎ᠠ ᠪᠠᠭᠤᠬᠤ ᠦᠶ᠎ᠡ ᠳᠤ ᠲᠣᠭᠤᠷᠢᠨ ᠪᠠᠶᠢᠴᠠᠭᠠᠵᠤ | ᠰᠡᠷᠭᠡᠶᠢᠯᠡᠨ ᠡᠵᠡᠮᠳᠡᠵᠦ᠂ ᠬᠠᠷᠢᠶ᠎ᠠ ᠣᠷᠣᠨ ᠤ ᠰᠤᠷᠭᠠᠭᠤᠯᠢ ᠶᠢᠨ ᠡᠷᠬᠢᠨ ᠲᠣᠭᠤᠷᠢᠨ ᠤ ᠠᠮᠤᠷ ᠲᠦᠪᠰᠢᠨ ᠤ ᠡᠮᠬᠢ | ᠳᠢᠭᠯᠢᠮ ᠢ ᠰᠠᠶᠢᠲᠤᠷ ᠬᠠᠮᠠᠭᠠᠯᠠᠪᠠ᠃ | ᠡᠷᠡᠮᠡᠬᠡᠶᠢᠯᠡᠨ ᠤᠷᠤᠭᠰᠢᠯᠠᠵᠤ ︽ᠪᠠᠲᠤᠴᠠᠭᠠᠨ ᠤ ᠦᠢᠯᠡᠰ ᠴᠣᠭᠴᠠᠯᠠᠬᠤ︾ ᠪᠠᠷᠢᠮᠵᠢᠶ᠎ᠠ ᠪᠠᠷ ᠰᠢᠨ᠎ᠡ | ᠬᠠᠭᠤᠳᠠᠰᠤ ᠶᠢ ᠪᠢᠴᠢᠭᠯᠡᠨ᠎ᠡ | ᠣᠶᠢᠷ᠎ᠠ ᠶᠢᠨ ᠵᠢᠯ ᠳᠤ᠂ ᠶᠦᠨ ᠵᠥᠩ ᠵᠠᠮ ᠤᠨ ᠲᠣᠮᠢᠯᠠᠭᠰᠠᠨ ᠰᠠᠯᠪᠤᠷᠢ ᠰᠢᠨ᠎ᠡ ᠴᠠᠭ ᠦᠶ᠎ᠡ ᠶᠢᠨ ︽ | ᠹᠧᠩᠴᠢᠶᠤᠤ ᠶᠢᠨ ᠲᠤᠷᠰᠢᠯᠭ᠎ᠠ︾ ᠶᠢ ᠰᠤᠷᠤᠯᠴᠠᠨ ᠬᠥᠭᠵᠢᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ | ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ︽ᠵᠥᠷᠢᠴᠡᠯ ᠢ ᠳᠡᠭᠡᠭᠰᠢ ᠲᠤᠰᠢᠶᠠᠬᠤ ᠦᠭᠡᠢ᠂ ᠠᠮᠤᠷ | ᠲᠦᠪᠰᠢᠨ ᠪᠠᠶᠢᠬᠤ ᠳᠤ ᠤᠴᠢᠷ ᠶᠠᠪᠤᠳᠠᠯ ᠭᠠᠷᠬᠤ ᠦᠭᠡᠢ᠂ ᠦᠢᠯᠡᠴᠢᠯᠡᠭᠡ ᠶᠢ ᠰᠠᠶᠢᠲᠤᠷ ᠬᠢᠬᠦ︾ ᠬᠠᠷᠠᠯᠲᠠ ᠶᠢ | ᠪᠠᠷᠢᠮᠲᠠᠯᠠᠵᠤ᠂ ᠴᠠᠭᠳᠠᠭᠠᠨ ᠤ ᠶᠠᠪᠤᠳᠠᠯ ᠤᠨ ᠠᠵᠢᠯ ᠢ ᠨᠡᠶᠢᠭᠡᠮᠴᠢᠯᠡᠬᠦ᠂ ᠣᠶᠤᠨᠴᠢᠯᠠᠬᠤ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠵᠤ᠂ ᠲᠣᠮᠢᠯᠠᠭᠰᠠᠨ ᠰᠠᠯᠪᠤᠷᠢ ᠶᠢᠨ ᠦᠨᠳᠦᠰᠦᠨ ᠱᠠᠲᠤᠨ ᠤ ᠰᠠᠭᠤᠷᠢ ᠠᠵᠢᠯ ᠤᠨ | ᠰᠠᠭᠤᠷᠢ ᠶᠢ ᠪᠦᠬᠦ ᠲᠠᠯ᠎ᠠ ᠪᠠᠷ ᠪᠠᠲᠤᠳᠬᠠᠵᠤ᠂ ᠴᠠᠭᠳᠠᠭᠠᠨ ᠤ ᠶᠠᠪᠤᠳᠠᠯ ᠤᠨ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠬᠠᠮᠲᠤᠪᠠᠷ ᠪᠠᠶᠢᠭᠤᠯᠬᠤ᠂ ᠬᠠᠮᠲᠤᠪᠠᠷ ᠵᠠᠰᠠᠬᠤ᠂ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠢ | ᠨᠡᠩ ᠪᠦᠷᠢᠨ ᠲᠡᠭᠦᠯᠳᠡᠷ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ᠂ ᠵᠣᠯ ᠵᠢᠷᠭᠠᠯᠲᠤ | ᠲᠥᠷᠥᠭᠳᠡᠯ ᠢ ᠨᠡᠩ ᠦᠷᠭᠦᠯᠵᠢᠯᠡᠭᠦᠯᠬᠦ ᠪᠠᠷ ᠴᠢᠷᠮᠠᠶᠢᠨ᠎ᠠ᠃ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠦᠢᠯᠡᠴᠢᠯᠡᠭᠡᠨ ᠤ ᠲᠠᠯ᠎ᠠ ᠪᠠᠷ ᠬᠢ ᠳᠤᠲᠠᠭᠳᠠᠯ ᠦᠭᠡᠢ | ᠪᠠᠶᠢᠬᠤ ᠬᠡᠷᠡᠭᠲᠡᠢ᠃ ᠠᠷᠠᠳ ᠤᠨ ᠴᠠᠭᠳᠠᠭ᠎ᠠ ᠶᠢᠨ ᠠᠵᠢᠯ ᠤᠨ ᠳᠤᠮᠳᠠ ᠬᠢᠭᠰᠡᠨ ᠨᠢᠭᠡᠨ ︽ᠪᠠᠭ᠎ᠠ ᠶᠠᠪᠤᠳᠠᠯ︾ ᠨᠢ | ᠣᠯᠠᠨ ᠲᠦᠮᠡᠨ ᠤ ᠰᠡᠳᠬᠢᠯ ᠳᠤ ︽ᠶᠡᠭᠡ ᠶᠠᠪᠤᠳᠠᠯ︾ ᠪᠣᠯᠵᠤ ᠮᠡᠳᠡᠨ᠎ᠡ᠂ ᠲᠡᠷᠡ ᠨᠢ ᠥᠪᠡᠷ ᠤᠨ ᠪᠡᠶ᠎ᠡ ᠪᠠᠷ ᠢᠶᠠᠨ | ᠣᠯᠠᠨ ᠲᠦᠮᠡᠨ ᠳᠤ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ ᠥᠭᠲᠡᠭ᠂ ᠣᠯᠠᠨ ᠲᠦᠮᠡᠨ ᠤ ᠴᠢᠷᠠᠢ ᠳᠡᠭᠡᠷᠡᠬᠢ | ᠵᠣᠪᠠᠨᠢᠯ ᠢ ᠦᠵᠡᠭᠡᠳ ᠢᠨᠢᠶᠡᠮᠰᠦᠭᠯᠡᠯ ᠪᠣᠯᠵᠤ ᠬᠤᠪᠢᠷᠠᠳᠠᠭ᠂ ᠡᠨᠡ ᠪᠣᠯ ᠳᠠᠷᠤᠢ ᠳᠣᠲᠣᠭᠠᠳᠤ ᠶᠢ ᠬᠠᠮᠠᠭᠠᠯᠠᠬᠤ | ᠠᠵᠢᠯ ᠳᠤ ᠥᠭᠭᠦᠭᠰᠡᠨ ᠣᠯᠠᠨ ᠲᠦᠮᠡᠨ ᠤ ᠬᠠᠮᠤᠭ ᠤᠨ ᠰᠠᠶᠢᠨ ᠬᠠᠷᠢᠭᠤᠯᠲᠠ ᠮᠥᠨ᠃ ᠶᠦᠨ ᠵᠦᠩ ᠵᠠᠮ ᠤᠨ | ᠲᠣᠮᠢᠯᠠᠭᠰᠠᠨ ᠰᠠᠯᠪᠤᠷᠢ ᠰᠠᠨᠠᠭᠠᠴᠢᠯᠠᠭ᠎ᠠ ᠠᠴᠠ ᠪᠠᠨ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠤᠪᠢᠷᠠᠯᠲᠠ ᠳᠤ | ᠵᠣᠬᠢᠴᠠᠵᠤ᠂ ᠰᠠᠨᠠᠭᠠᠴᠢᠯᠠᠭ᠎ᠠ ᠠᠴᠠ ᠪᠠᠨ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠵᠣᠬᠢᠴᠠᠵᠤ᠂ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠬᠠᠷᠢᠯᠴᠠᠨ ᠨᠡᠪᠲᠡᠷᠡᠯᠴᠡᠬᠦ ᠠᠷᠭ᠎ᠠ | ᠵᠠᠮ ᠢ ᠰᠢᠯᠤᠭᠤᠳᠬᠠᠪᠠ᠃ | ᠴᠠᠭ ᠬᠤᠭᠤᠴᠠᠭᠠᠨ ᠤ ᠤᠯᠠ ᠮᠥᠷ ᠨᠢ ᠶᠦᠨ ᠵᠦᠩ ᠵᠠᠮ ᠤᠨ ᠦᠶ᠎ᠡ ᠦᠶ᠎ᠡ ᠶᠢᠨ ᠳᠣᠲᠣᠭᠠᠳᠤ ᠶᠢ | ᠬᠠᠮᠠᠭᠠᠯᠠᠬᠤ ᠬᠥᠮᠥᠰ ᠤᠨ ᠬᠠᠷᠠᠮᠰᠠᠯ ᠦᠭᠡᠢ ᠦᠨᠡᠨᠴᠢ ᠰᠢᠳᠤᠷᠭᠤ ᠶᠢ ᠰᠡᠶᠢᠯᠵᠦ᠂ 75 ᠵᠢᠯ ᠤᠨ ᠰᠢᠨᠲᠠᠷᠠᠰᠢ ᠦᠭᠡᠢ | ᠵᠢᠳᠬᠦᠬᠦ ᠵᠣᠷᠢᠭ ᠰᠠᠨᠠᠭ᠎ᠠ ᠨᠢ ᠶᠦᠨ ᠵᠦᠩ ᠵᠠᠮ ᠳᠤ ᠦᠶ᠎ᠡ ᠶᠢᠨ ᠦᠶ᠎ᠡ ᠳᠤ ᠤᠯᠠᠮᠵᠢᠯᠠᠭᠳᠠᠭᠰᠠᠭᠠᠷ ᠢᠷᠡᠵᠠᠢ᠃ | ᠰᠢᠨ᠎ᠡ ᠨᠢᠭᠡ ᠦᠶ᠎ᠡ ᠶᠢᠨ ᠶᠦᠨ ᠵᠦᠩ ᠵᠠᠮ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ ᠲᠤᠰᠠᠯᠠᠬᠤ | ᠴᠠᠭᠳᠠᠭ᠎ᠠ ᠶᠢᠨ ᠬᠢᠨ ᠬᠤᠪᠢᠰᠬᠠᠯ ᠤᠨ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠲᠡᠦᠬᠡ ᠶᠢᠨ | ᠲᠤᠷᠰᠢᠯᠭ᠎ᠠ ᠶᠢ ᠰᠢᠩᠭᠡᠬᠡᠨ ᠠᠪᠴᠤ᠂ ᠠᠬᠠᠮᠠᠳ ᠨᠢᠭᠡ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠬᠥᠮᠥᠰ ᠤᠨ | ᠰᠢᠯᠢᠳᠡᠭ ᠵᠠᠩ ᠰᠤᠷᠲᠠᠯ ᠪᠣᠯᠣᠨ ᠰᠤᠷᠲᠠᠯ ᠢ ᠤᠯᠠᠮᠵᠢᠯᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠤᠯᠠᠨ | ᠲᠦᠮᠡᠨ ᠤ ᠠᠮᠤᠷ ᠲᠦᠪᠰᠢᠨ ᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠬᠠᠷᠢᠶ᠎ᠠ ᠣᠷᠣᠨ ᠤ ᠪᠠᠨ ᠠᠮᠤᠷ ᠲᠦᠪᠰᠢᠨ ᠢ ᠬᠠᠮᠠᠭᠠᠯᠠᠬᠤ ᠳᠤ ᠳᠣᠲᠣᠭᠠᠳᠤ ᠶᠢ ᠬᠠᠮᠠᠭᠠᠯᠠᠬᠤ ᠬᠦᠴᠦᠨ ᠢᠶᠠᠨ | ᠡᠷᠭᠦᠵᠦ᠂ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠨᠡᠮᠡᠷᠢᠯᠡᠨ᠎ᠡ︕ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |