ᠲᠣᠭᠲᠠᠬᠤ ᠰᠢᠶᠠᠨ ᠵᠠᠰᠠᠭ ᠤᠨ ᠣᠷᠳᠣᠨ ᠤ ᠰᠢᠰᠲ᠋ᠧᠮ ᠤᠨ ︽ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠵᠢᠯᠯᠠᠭ᠎ᠠ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/9/6
      ᠬᠤᠲᠠ ᠶᠢᠨ ᠵᠠᠰᠠᠭ ᠤᠨ ᠣᠷᠳᠣᠨ ᠤ ︽ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠲᠥᠰᠥᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠰᠢᠶᠠᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠵᠢᠯ ᠤᠨ ᠲᠤᠰᠬᠠᠢ ᠠᠩᠭᠢ ᠶᠢ ᠪᠠᠶᠢᠭᠤᠯᠵᠤ᠂ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ︽ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ︾ ᠤᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ︽ᠠᠵᠢᠯ ᠤᠨ ᠲᠥᠰᠥᠯ︾ ᠢ ᠨᠠᠶᠢᠳᠠᠪᠤᠷᠢᠵᠢᠭᠤᠯᠬᠤ ᠶᠢ ᠠᠳᠬᠤᠬᠤ ᠶᠢ ᠴᠠᠭ ᠲᠤᠬᠠᠢ ᠳᠤᠨᠢ ᠤᠯᠠᠮᠵᠢᠯᠠᠪᠠ᠃ ᠪᠣᠳᠠᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠰᠢᠶᠠᠨ ᠤ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠢ ᠲᠥᠰᠥᠯ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠣᠷᠣᠰᠢᠵᠤ ᠪᠠᠶᠢᠭ᠎ᠠ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠳᠤ ᠵᠥᠪ ᠢᠶᠠᠷ ᠬᠠᠨᠳᠤᠵᠤ᠂ ᠲᠣᠰ ᠨᠢᠭᠡᠴᠡ᠂ ᠲᠣᠰ ᠰᠠᠯᠠᠭ᠎ᠠ ᠮᠥᠴᠢᠷ ᠲᠤ ᠣᠷᠣᠰᠢᠵᠤ ᠪᠠᠶᠢᠭ᠎ᠠ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠦᠨᠡᠨ ᠬᠦ ᠡᠷᠢᠵᠦ ᠭᠠᠷᠭᠠᠬᠤ ᠶᠢᠨ ᠬᠠᠮᠲᠤ ᠲᠣᠳᠣᠷᠬᠠᠢ ᠬᠠᠭᠤᠳᠠᠰᠤ ᠭᠠᠷᠭᠠᠵᠤ᠂ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠦᠨᠡᠨ ᠬᠦ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠱᠠᠭᠠᠷᠳᠠᠪᠠ᠃      ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ︽ᠭᠤᠣᠯᠳᠠᠯᠭ᠎ᠠ ᠶᠢ ᠳᠣᠪᠤᠶᠢᠯᠭᠠᠬᠤ᠂ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠵᠠᠷᠴᠢᠮ ᠶᠣᠰᠣᠭᠠᠷ᠂ ᠡᠨᠡᠬᠦ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠳᠡᠭᠡᠭᠰᠢᠯᠡᠭᠦᠯᠬᠦ︾ ᠠᠵᠢᠯ ᠤᠨ ᠱᠠᠭᠠᠷᠳᠠᠯᠭ᠎ᠠ ᠳᠤ ᠴᠢᠭᠯᠡᠭᠦᠯᠦᠨ᠂ ᠬᠠᠮᠢᠶᠠᠷᠤᠯᠲᠠ ᠶᠢ ᠴᠢᠩᠭᠠᠳᠬᠠᠬᠤ ᠂ ᠶᠠᠰᠤ ᠴᠢᠨᠠᠷ ᠦᠷ᠎ᠡ ᠠᠰᠢᠭ ᠢ ᠠᠳᠬᠤᠬᠤ᠂ ᠳᠡᠭᠡᠭᠰᠢᠯᠡᠯᠲᠡ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ︽ᠴᠢᠩᠭ᠎ᠠ ᠨᠢᠮᠪᠠᠢ ᠭᠦᠨᠵᠡᠭᠡᠢ ᠪᠣᠳᠠᠲᠠᠢ︾ ᠠᠵᠢᠯ ᠤᠨ ᠰᠤᠷᠲᠠᠯ ᠢ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠴᠠᠭᠠᠷᠠᠭᠰᠠᠨ ᠴᠢᠳᠠᠪᠤᠷᠢ ᠪᠠᠨ ᠳᠡᠭᠡᠭᠰᠢᠯᠡᠭᠦᠯᠵᠦ᠂ ᠡᠷᠴᠢ ᠵᠣᠷᠢᠭ ᠢ ᠳᠡᠭᠡᠭᠰᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠳᠡᠭᠡᠭᠰᠢᠯᠡᠭᠦᠯᠬᠦ ᠭᠦᠢᠴᠡᠳ ᠬᠡᠪ ᠪᠠᠶᠢᠳᠠᠯ ᠢᠶᠠᠷ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠵᠤ᠂ ᠲᠤᠭᠳᠠᠬᠤ ᠰᠢᠶᠠᠨ ᠤ ᠺᠠᠳ᠋ᠷᠴᠤᠳ ᠤᠨ ︽ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠠᠵᠢᠯᠯᠠᠬᠤ᠂ ᠤᠴᠢᠷ ᠶᠠᠪᠤᠳᠠᠯ ᠢ ᠪᠦᠲᠦᠭᠡᠵᠦ ᠳᠡᠶᠢᠯᠬᠦ︾ ᠲᠦᠷᠦᠯ ᠲᠡᠮᠳᠡᠭ ᠢ ᠪᠤᠢ ᠪᠤᠯᠭᠠᠨ᠎ᠠ᠃ᠢᠷᠡᠯᠳᠡ᠄ ᠲᠤᠭᠳᠠᠬᠤ ᠰᠢᠶᠠᠨ ᠤ ᠵᠠᠰᠠᠭ ᠤᠨ ᠤᠷᠳᠤᠨ ᠤ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1