ᠮᠠᠨ ᠤ ᠤᠯᠤᠰ ᠤᠨ ᠢᠷᠭᠡᠨ ᠤ ᠵᠠᠷᠭᠤ ᠶᠢᠨ ᠬᠠᠤᠯᠢ ᠳᠤ ᠵᠠᠰᠠᠪᠤᠷᠢ ᠣᠷᠣᠭᠤᠯᠵᠤ᠂ ᠢᠷᠡᠬᠦ ᠵᠢᠯ ᠤᠨ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2023/9/7
      9  ᠰᠠᠷ᠎ᠠ ᠶᠢᠨ 1 ᠤ  ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯᠳᠤᠭᠠᠨ ᠠᠴᠠ ᠢᠷᠭᠡᠨ ᠤ ᠵᠠᠷᠭᠤ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ᠢ ᠪᠠᠲᠤᠯᠠᠵᠤ᠂ 2024 ᠣᠨ ᠤ 1 ᠰᠠᠷ᠎ᠠ ᠶᠢᠨ 1 ᠤ  ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠠᠶᠢᠨ᠎ᠠ᠃              ᠡᠨᠡ ᠤᠳᠠᠭᠠᠨ ᠤ ᠢᠷᠭᠡᠨ ᠤ ᠵᠠᠷᠭᠤ ᠶᠢᠨ ᠬᠠᠤᠯᠢ ᠳᠤ ᠵᠠᠰᠠᠪᠤᠷᠢ ᠣᠷᠣᠭᠤᠯᠬᠤ ᠳᠤ᠂ ᠭᠠᠳᠠᠭᠠᠳᠤ ᠳᠤ ᠬᠤᠯᠪᠣᠭᠳᠠᠬᠤ ᠢᠷᠭᠡᠨ ᠤ ᠵᠠᠷᠭᠤ ᠶᠢᠨ ᠵᠢᠷᠤᠮ ᠤᠨ ᠳᠦᠷᠢᠮ ᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠣᠯᠭᠠᠭᠰᠠᠨ ᠶᠠᠪᠤᠳᠠᠯ ᠨᠢ ᠭᠠᠳᠠᠭᠠᠳᠤ ᠳᠤ ᠬᠤᠯᠪᠣᠭᠳᠠᠬᠤ ᠢᠷᠭᠡᠨ ᠤ ᠬᠡᠷᠡᠭ ᠤᠨ ᠰᠢᠭᠦᠨ ᠲᠠᠰᠤᠯᠤᠯᠲᠠ ᠶᠢᠨ ᠴᠢᠨᠠᠷ  ᠴᠢᠨᠰᠠᠭ᠎ᠠ ᠶᠢ ᠴᠢᠨᠠᠬᠰᠢᠳᠠ ᠳᠡᠭᠡᠭᠰᠢᠯᠡᠭᠦᠯᠵᠦ᠂ ᠲᠤᠬᠠᠢ ᠶᠢᠨ ᠬᠥᠮᠦᠨ ᠤ ᠵᠠᠷᠭᠤᠯᠳᠤᠬᠤ ᠡᠷᠬᠡ ᠪᠠ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠪᠠᠲᠤᠯᠠᠵᠤ᠂ ᠮᠠᠨ ᠤ ᠤᠯᠤᠰ ᠤᠨ ᠡᠷᠬᠡ ᠮᠡᠳᠡᠯ᠂ ᠠᠮᠤᠷ ᠲᠦᠪᠰᠢᠨ ᠪᠠ ᠬᠥᠭᠵᠢᠯᠲᠡ ᠶᠢᠨ ᠠᠰᠢᠭ  ᠲᠤᠰᠠ ᠶᠢ ᠨᠡᠩ ᠰᠠᠶᠢᠲᠤᠷ  ᠬᠠᠮᠠᠭᠠᠯᠠᠬᠤ ᠳᠤ ᠠᠰᠢᠭᠲᠠᠢ ᠶᠤᠮ᠃ ᠡᠭᠦᠨ ᠤ ᠬᠠᠮᠲᠤ᠂ ᠲᠣᠰ ᠤᠳᠠᠭ᠎ᠠ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠳᠠᠭᠠᠨ ᠪᠠᠰᠠ ᠨᠡᠶᠢᠭᠡᠮ ᠤᠨ ᠠᠩᠬᠠᠷᠤᠯ ᠳᠤ ᠢᠳᠡᠪᠬᠢᠲᠡᠶ ᠬᠠᠷᠢᠭᠤᠯᠲᠠ ᠥᠭᠴᠦ᠂ ᠢᠷᠭᠡᠨ ᠤ  ᠵᠠᠷᠭᠤ ᠶᠢᠨ ᠬᠦᠷᠢᠶᠡᠨ ᠳᠠᠬᠢ ᠪᠤᠰᠤᠳ ᠬᠤᠯᠪᠣᠭᠳᠠᠯ ᠪᠥᠬᠦᠶ ᠠᠰᠠᠭᠤᠳᠠᠯ ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠵᠠᠢ᠃        ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1