10 ᠰᠠᠷ᠎ᠠ ᠳᠤ ᠭᠡᠵᠦ ᠲᠣᠭᠲᠠᠴᠢᠬᠠᠭᠰᠠᠨ︕
ᠨᠡᠶᠢᠲᠡᠯᠡᠭᠰᠡᠨ ᠴᠠᠭ᠄
2023/9/7
      ᠳᠤᠮᠳᠠᠳᠤ ᠤᠯᠤᠰ ᠡᠨᠡ ᠵᠢᠯ ᠤᠨ 10 ᠰᠠᠷ᠎ᠠ ᠳᠤ ᠪᠡᠭᠡᠵᠢᠩ ᠳᠤ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠡᠷᠬᠢᠯᠡᠨ ᠶᠠᠪᠤᠭᠳᠠᠭᠤᠯᠤᠨ᠎ᠠ              ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ ᠸᠠᠩ ᠸᠧᠨ ᠪᠢᠨ 8  ᠰᠠᠷ᠎ᠠ ᠶᠢᠨ 31 ᠤ ᠡᠳᠦᠷ ᠵᠤᠷᠰᠢᠯᠳᠤ ᠰᠤᠷᠪᠤᠯᠵᠢᠯᠠᠭᠴᠢ ᠶᠢᠨ ᠬᠤᠷᠠᠯ ᠳᠡᠭᠡᠷ᠎ᠡ᠂ ᠳᠤᠮᠳᠠᠳᠤ ᠤᠯᠤᠰ ᠡᠨᠡ ᠵᠢᠯ ᠤᠨ 10 ᠰᠠᠷ᠎ᠠ ᠳᠤ ᠪᠡᠭᠡᠵᠢᠩ ᠳᠤ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠡᠷᠬᠢᠯᠡᠨ ᠶᠠᠪᠤᠭᠳᠠᠭᠤᠯᠤᠨ᠎ᠠ᠃ ᠡᠨᠡ ᠨᠢ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠣᠶ ᠶᠢ ᠳᠤᠷᠠᠰᠬᠠᠬᠤ ᠬᠠᠮᠤᠭ ᠤᠨ ᠦᠪᠡᠳᠡᠭᠰᠢ ᠶᠡᠭᠡ ᠠᠵᠢᠯᠯᠠᠭ᠎ᠠ ᠪᠣᠯᠬᠤ ᠪᠠᠷ ᠪᠠᠷᠠᠬᠤ ᠥᠬᠡᠶ᠂  ᠪᠠᠰᠠ ᠴᠤ ᠡᠯ᠎ᠡ ᠲᠠᠯ᠎ᠠ ᠶᠢᠨ ᠬᠢᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠶ ᠪᠥᠲᠥᠭᠡᠨ  ᠪᠠᠶᠢᠭᠤᠯᠬᠤ  ᠬᠠᠮᠲᠤᠷᠠᠯᠴᠠᠭ᠎ᠠ ᠶᠢ ᠬᠠᠮᠲᠤ ᠪᠠᠷ ᠵᠥᠪᠳᠡᠯᠴᠡᠬᠦ ᠴᠢᠬᠤᠯᠠ ᠲᠠᠪᠴᠠᠩ ᠪᠣᠯᠤᠨ᠎ᠠ ᠭᠡᠵᠦ ᠬᠡᠯᠡᠪᠡ᠃              ᠸᠠᠩ ᠸᠧᠨ ᠪᠢᠨ᠄ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠨᠢ ᠬᠤᠯᠪᠣᠯᠳᠤᠨ ᠨᠡᠪᠲᠡᠷᠡᠯᠴᠡᠬᠦ ᠪᠠᠷ ᠭᠤᠣᠯ ᠱᠤᠭᠤᠮ ᠪᠣᠯᠭᠠᠵᠤ᠂ ᠤᠯᠠᠨ ᠤᠯᠤᠰ ᠤᠨ  ᠠᠵᠤ ᠠᠬᠤᠢ ᠶᠢᠨ ᠬᠠᠮᠲᠤᠷᠠᠯᠴᠠᠭ᠎ᠠ ᠳᠤ ᠰᠢᠨ᠎ᠡ ᠲᠠᠪᠴᠠᠩ ᠬᠠᠩᠭᠠᠵᠤ᠂ ᠡᠯ᠎ᠡ ᠤᠯᠤᠰ ᠤᠨ ᠬᠥᠭᠵᠢᠯᠲᠡ ᠪᠣᠯᠤᠨ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠰᠢᠨ᠎ᠡ ᠬᠥᠳᠡᠯᠭᠡᠬᠦ ᠬᠦᠴᠦᠨ ᠬᠠᠩᠭᠠᠬᠤ ᠪᠠᠷ ᠵᠣᠷᠢᠯᠲᠠ ᠪᠣᠯᠭᠠᠬᠰᠠᠨ ᠶᠤᠮ᠃ 10 ᠵᠢᠯ ᠤᠨ ᠲᠤᠷᠰᠢ᠂ ︽ᠨᠢᠭᠡ ᠪᠦᠰᠡ ᠨᠢᠭᠡ ᠵᠠᠮ︾ ᠨᠢ ᠨᠢᠭᠡᠨᠲᠡ ᠶᠡᠬᠡᠳᠡ  ᠬᠦᠷᠢᠶᠡᠯᠡᠯ ᠣᠯᠤᠭᠰᠠᠨ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠦᠢᠯᠡᠳᠬᠦᠨ ᠪᠠ ᠤᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠪᠣᠯᠵᠠᠢ ᠭᠡᠪᠡ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1