ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠲᠣᠭᠲᠠᠬᠤ ᠰᠢᠶᠠᠨ ᠤ ᠬᠤᠪᠢᠶᠠᠷᠢ ᠲᠣᠪᠴᠢᠶ᠎ᠠ ᠬᠠᠪᠰᠤᠷᠤᠨ ᠲᠡᠳᠬᠦᠬᠦ ᠲᠣᠰᠬᠤᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠲᠣᠬᠢᠷᠠᠭᠤᠯᠪᠠ
ᠨᠡᠶᠢᠲᠡᠯᠡᠭᠰᠡᠨ ᠴᠠᠭ᠄
2023/9/8
      ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠦᠲᠦᠮᠵᠢᠲᠡᠶ ᠥᠷᠨᠢᠭᠦᠯᠬᠦ ᠶᠢᠨ ᠲᠥᠯᠥᠭᠡ᠂ 9 ᠳ᠋ᠤᠭᠡᠷ ᠰᠠᠷ᠎ᠠ ᠶᠢᠨ 6 ᠤ ᠡᠳᠦᠷ᠂ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠲᠣᠭᠲᠠᠬᠤ ᠰᠢᠶᠠᠨ ᠤ ᠬᠤᠪᠢᠶᠠᠷᠢ ᠲᠣᠪᠴᠢᠶ᠎ᠠ ᠠᠴᠠ ᠰᠢᠨ᠎ᠡ ᠶᠢᠩᠽᠢ ᠪᠠᠯᠭᠠᠰᠤᠨ ᠤ ᠰᠢᠶᠣᠣ ᠺᠧᠦ ᠽᠢ ᠲᠣᠰᠬᠤᠨ ᠪᠠ ᠲᠠᠪᠢᠨ ᠭᠡᠷ ᠪᠠᠯᠭᠠᠰᠤᠨ ᠤ ᠲᠠᠪᠢᠨ ᠭᠡᠷ ᠲᠣᠰᠬᠤᠨ ᠳᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ ᠲᠣᠬᠢᠷᠠᠭᠤᠯᠤᠨ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠤᠬᠠᠢ ᠶᠢᠨ ᠲᠠᠯᠠᠪᠤᠷ ᠲᠤᠨᠢ ᠬᠠᠪᠰᠤᠷᠤᠨ ᠲᠡᠳᠬᠦᠵᠦ ᠵᠢᠯᠣᠭᠤᠳᠪᠠ᠃      ᠲᠤᠭᠳᠠᠬᠤ ᠰᠢᠶᠠᠨ ᠤ ᠬᠤᠪᠢᠶᠠᠷᠢ ᠲᠣᠪᠴᠢᠶ᠎ᠠ ᠠᠴᠠ ᠬᠤᠶᠠᠷ ᠲᠣᠰᠬᠤᠨ ᠳᠤ ᠨᠡᠶᠢᠲᠡ 320 ᠬᠤᠭ ᠨᠣᠪᠰᠢ ᠲᠦᠯᠬᠢᠬᠦ ᠲᠡᠷᠭᠡ᠂ 20 ᠡᠯᠭᠦᠭᠡ ᠬᠤᠭ ᠨᠣᠪᠰᠢ ᠶᠢᠨ ᠬᠠᠶᠢᠷᠴᠠᠭ᠂ 120 ᠬᠤᠭ ᠨᠣᠪᠰᠢ ᠶᠢ ᠲᠥᠷᠥᠯ ᠬᠤᠪᠢᠶᠠᠬᠤ ᠰᠠᠪᠠ ᠪᠣᠯᠣᠨ 10 ᠬᠤᠭ ᠨᠣᠪᠰᠢ ᠶᠢᠨ ᠭᠤᠷᠪᠠᠨ ᠬᠦᠷᠳᠦᠲᠦ ᠲᠡᠷᠭᠡ ᠶᠢ ᠲᠦᠭᠡᠭᠡᠨ ᠥᠭᠴᠦ᠂ ᠭᠤᠣᠯᠳᠠᠭᠤ ᠰᠢᠶᠣᠣ ᠺᠧᠦ ᠽᠢ ᠲᠣᠰᠬᠤᠨ ᠪᠣᠯᠣᠨ ᠲᠠᠪᠢᠨ ᠭᠡᠷ ᠲᠣᠰᠬᠤᠨ ᠤ ᠬᠤᠭ ᠨᠣᠪᠰᠢ ᠶᠢ ᠬᠤᠷᠢᠶᠠᠨ ᠴᠤᠭᠯᠠᠭᠤᠯᠵᠤ ᠲᠥᠷᠥᠯ ᠬᠤᠪᠢᠶᠠᠬᠤ ᠵᠢᠴᠢ ᠴᠡᠪᠡᠷᠯᠡᠨ ᠲᠡᠭᠡᠭᠡᠪᠦᠷᠢᠯᠡᠬᠦ ᠠᠵᠢᠯ ᠳᠤ ᠬᠡᠷᠡᠭᠯᠡᠵᠦ᠂ ᠴᠡᠪᠡᠷ ᠲᠡᠭᠰᠢ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ   ᠢ ᠪᠤᠶ ᠪᠣᠯᠭᠠᠵᠤ ᠥᠭᠭᠦᠭᠰᠡᠨ ᠪᠠᠶᠢᠨ᠎ᠠ᠃
     ᠲᠤᠰ ᠤᠳᠠᠭ᠎ᠠ ᠶᠢᠨ ᠠᠵᠢᠯᠯᠠᠭ᠎ᠠ ᠪᠣᠯ ᠬᠤᠪᠢᠶᠠᠷᠢ ᠲᠣᠪᠴᠢᠶ᠎ᠠ ᠶᠢᠨ ᠲᠤᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ᠠᠵᠢᠯ ᠲᠦᠷᠦᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠦᠨᠳᠦᠰᠦᠨ ᠴᠡᠭ ᠪᠣᠯᠭᠠᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠠᠪᠰᠤᠷᠤᠨ ᠠᠬᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠶᠢ ᠯᠠᠪᠳᠠᠭᠤᠨ ᠪᠠᠲᠤᠲᠠᠢ ᠥᠷᠨᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠤᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠲᠣᠰᠬᠤᠨ ᠤ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ ᠶᠢ ᠬᠥᠲᠥᠯᠥᠨ ᠵᠣᠷᠢᠭᠵᠢᠭᠤᠯᠵᠤ᠂ ᠴᠡᠭ ᠢᠶᠠᠷ ᠨᠡᠶᠢᠳᠡᠮ ᠢ ᠲᠠᠶᠢᠴᠢᠯᠠᠨ ᠪᠦᠬᠦ ᠠᠷᠠᠳ ᠢᠶᠠᠷ ᠢᠶᠠᠨ ᠬᠥᠳᠡᠯᠦᠯᠴᠡᠬᠦ᠂ ᠠᠷᠢᠭᠤᠨ ᠴᠡᠪᠡᠷ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ ᠂ ᠲᠣᠰᠬᠤᠨ ᠤ ᠠᠷᠠᠳ ᠢ ᠠᠯᠬᠤᠮ ᠠᠯᠬᠤᠮ ᠢᠶᠠᠷ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠵᠤ᠂ ᠠᠷᠠᠳ ᠤᠯᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠤᠬᠠᠢ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠴᠢᠷᠮᠠᠶᠢᠨ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠦᠭᠪᠡ᠃
     ᠬᠤᠶᠢᠰᠢᠳᠠ᠂ ᠲᠤᠭᠳᠠᠬᠤ ᠰᠢᠶᠠᠨ ᠤ ᠬᠤᠪᠢᠶᠠᠷᠢ ᠲᠣᠪᠴᠢᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠤᠨ᠂ ᠪᠣᠳᠠᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠷᠢᠨ ᠬᠢᠨᠠᠮᠠᠭᠠᠢ ᠰᠤᠳᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠳᠤᠮᠳᠠ ᠣᠯᠠᠨ ᠲᠦᠮᠡᠨ ᠳᠤ ᠦᠨᠡᠨ ᠬᠦ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠬᠦ ᠶᠢᠨ ᠲᠥᠯᠥᠭᠡ ᠴᠢᠷᠮᠠᠶᠢᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1