ᠮᠠᠨ ᠤ ᠬᠤᠳᠠ 39 ᠳ᠋ᠤᠭᠡᠷ ᠪᠠᠭᠰᠢ ᠶᠢᠨ ᠪᠠᠶᠠᠷ ᠢ ᠪᠡᠯᠭᠡᠯᠡᠬᠦ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/8
      9 ᠳ᠋ᠤᠭᠡᠷ ᠰᠠᠷ᠎ᠠ ᠶᠢᠨ 7 ᠤ ᠡᠳᠦᠷ᠂ ᠮᠠᠨ ᠤ ᠬᠤᠲᠠ 39 ᠳ᠋ᠤᠭᠡᠷ ᠪᠠᠭᠰᠢ ᠶᠢᠨ ᠪᠠᠶᠠᠷ ᠢ ᠪᠡᠯᠭᠡᠯᠡᠬᠦ ᠶᠡᠭᠡ ᠬᠤᠷᠠᠯ ᠬᠤᠷᠠᠯᠳᠤᠭᠤᠯᠵᠤ᠂ 2023 ᠣᠨ ᠳᠤ ᠪᠦᠬᠦ ᠬᠤᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠳᠤ ᠴᠣᠯᠭᠤᠷᠠᠨ ᠭᠠᠷᠤᠭᠰᠠᠨ ᠲᠡᠷᠢᠭᠦᠨ ᠤ ᠬᠠᠮᠲᠤ ᠪᠣᠯᠣᠨ ᠬᠤᠪᠢ ᠬᠥᠮᠥᠨ ᠢ ᠵᠠᠷᠯᠠᠨ ᠰᠠᠶᠢᠰᠢᠶᠠᠵᠤ᠂ ᠪᠦᠬᠦ ᠬᠤᠳᠠ ᠶᠢᠨ ᠥᠷᠭᠡᠨ ᠤᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠥᠷᠭᠡᠨ ᠤᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠤᠨ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠢᠷᠠᠭᠤ ᠠᠯᠳᠠᠷᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠳᠠᠰᠤᠷᠠᠯᠳᠠ ᠦᠭᠡᠢ ᠴᠢᠩᠭᠠᠳᠬᠠᠬᠤ ᠶᠢ ᠵᠣᠷᠢᠭᠵᠢᠭᠤᠯᠵᠤ᠂ ᠣᠷᠣᠨ ᠤ ᠲᠥᠪ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠴᠠᠩ ᠫᠧᠢ ᠵᠥᠩ ᠣᠷᠣᠯᠴᠠᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠣᠷᠣᠨ ᠤ ᠲᠥᠪ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠷᠠᠳᠤᠭᠰᠠᠨ ︽ᠪᠦᠬᠦ ᠣᠷᠣᠨ ᠤ ᠰᠤᠷᠭᠠᠨ ᠬᠥᠮᠦᠵᠢᠯ ᠤᠨ ᠲᠥᠪ ᠢ ᠪᠠᠶᠢᠭᠤᠯᠬᠤ︾ ᠬᠠᠷᠠᠯᠲᠠ ᠳᠤ ᠰᠠᠭᠤᠷᠢᠯᠠᠵᠤ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ︽ᠰᠤᠷᠤᠯᠴᠠᠬᠤ ᠳᠤ ᠲᠣᠬᠢᠷᠠᠮᠵᠢᠲᠠᠢ ᠬᠤᠳᠠ᠂ ᠰᠤᠷᠭᠠᠨ ᠬᠥᠮᠦᠵᠢᠯ ᠢᠶᠠᠷ ᠬᠤᠳᠠ ᠪᠠᠨ ᠬᠦᠴᠦᠷᠬᠡᠭᠵᠢᠭᠦᠯᠬᠦ︾ ᠪᠠᠶᠢᠷᠢ ᠲᠣᠭᠲᠠᠭᠠᠯᠲᠠ ᠶᠣᠰᠣᠭᠠᠷ᠂ ︽ᠵᠥᠭᠡᠯᠡᠨ ᠲᠤᠨᠤᠭ︾  ᠠᠴᠠ ︽ᠬᠠᠲᠠᠭᠤ ᠲᠤᠨᠤᠭ︾ ᠬᠦᠷᠲᠡᠯᠡᠬᠢ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠠᠵᠢᠯ ᠪᠠᠶᠠᠷᠯᠠᠭᠤᠰᠢᠲᠠᠢ ᠠᠮᠵᠢᠯᠲᠠ ᠣᠯᠵᠤ᠂ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠬᠥᠭᠵᠢᠯᠲᠡ ᠨᠡᠩ ᠵᠣᠬᠢᠴᠠᠩᠭᠤᠢ ᠪᠣᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠨᠡᠩ ᠲᠡᠩᠴᠡᠭᠦᠷᠢᠲᠡᠢ ᠪᠣᠯᠵᠤ᠂ ᠰᠤᠷᠭᠠᠨ ᠬᠥᠮᠦᠵᠢᠯ ᠤᠨ ᠠᠵᠢᠯᠲᠠᠨ ᠤ ᠡᠩᠨᠡᠭᠡ ᠲᠠᠰᠤᠷᠠᠯᠲᠠ ᠦᠭᠡᠢ ᠪᠤᠵᠠᠭᠠᠶᠢᠷᠠᠵᠤ ᠂ ᠰᠣᠯᠢᠯᠴᠠᠭ᠎ᠠ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ᠡᠲᠡᠭᠡᠷ ᠠᠮᠵᠢᠯᠲᠠ ᠶᠢ ᠣᠯᠣᠭᠰᠠᠨ ᠨᠢ ᠪᠥᠬᠦ ᠬᠤᠲᠠ ᠶᠢᠨ ᠳᠡᠭᠡᠳᠦ ᠳᠣᠣᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠶᠢᠨ ᠦᠷ᠎ᠡ ᠳ᠋ᠦᠩ ᠮᠥᠨ᠂ ᠪᠠᠰᠠ ᠴᠤ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ︽ᠰᠤᠷᠭᠠᠨ ᠬᠥᠮᠦᠵᠢᠯ ᠢᠶᠠᠷ ᠬᠥᠮᠥᠨ ᠢ ᠬᠥᠮᠥᠵᠢᠭᠦᠯᠵᠦ᠂ ᠰᠤᠷᠭᠠᠨ ᠬᠥᠮᠦᠵᠢᠯ ᠢᠶᠠᠷ ᠬᠥᠮᠥᠨ ᠢ ᠲᠠᠲᠠᠬᠤ︾ ᠪᠠᠷ ᠳᠠᠮᠵᠢᠭᠤᠯᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠭᠰᠡᠨ ᠤ ᠦᠷ᠎ᠡ ᠳ᠋ᠦᠩ ᠮᠥᠨ᠃      ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠥᠨᠳᠦᠷᠯᠢᠭ ᠢ ᠴᠢᠷᠮᠠᠶᠢᠨ ᠪᠣᠶ ᠪᠣᠯᠭᠠᠵᠤ᠂ ᠣᠷᠣᠨ ᠤ ᠲᠥᠪ ᠤᠨ ᠰᠤᠷᠭᠠᠨ ᠬᠥᠮᠦᠵᠢᠯ ᠤᠨ ᠠᠵᠢᠯ ᠤᠨ ︽ᠣᠷᠣᠨ ᠤ ᠳᠣᠲᠣᠷ᠎ᠠ ᠲᠡᠷᠢᠭᠦᠨ ᠤ ᠪᠠᠶᠢᠷᠢ ᠶᠢ ᠲᠡᠮᠡᠴᠡᠨ ᠣᠯᠬᠤ᠂ ᠣᠷᠣᠨ ᠤ ᠭᠠᠳᠠᠨ᠎ᠠ ᠬᠡᠪ ᠳᠠᠭᠤᠷᠢᠶᠠᠯ ᠢ ᠬᠥᠭᠡᠭᠡᠴᠡᠯᠳᠦᠬᠦ︾ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠮᠡᠳᠡᠭᠡ ᠵᠠᠩᠭᠢᠵᠢᠯᠲᠠ ᠶᠢᠨ ︽ᠳᠠᠬᠢᠨ ᠲᠠᠰ ᠳᠡᠪᠰᠢᠬᠦ︾᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢᠨ ︽ᠳᠠᠬᠢᠨ ᠭᠦᠨᠵᠡᠭᠡᠶᠢᠷᠡᠬᠦ︾᠂ ᠵᠢᠭᠠᠨ ᠰᠤᠳᠤᠯᠬᠤ ᠬᠢᠷᠢ ᠲᠦᠪᠰᠢᠨ ᠤ ︽ᠳᠠᠬᠢᠨ ᠳᠡᠭᠡᠭᠰᠢᠯᠡᠬᠦ︾ ᠶᠢ ᠦᠨᠡᠨᠬᠦ ᠲᠦᠯᠬᠢᠨ ᠠᠬᠢᠭᠤᠯᠬᠤ ᠬᠡᠷᠡᠭᠲᠡᠢ᠃ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠢ ᠨᠡᠩ ᠢᠷᠠᠭᠤ ᠠᠯᠳᠠᠷᠲᠤ ᠰᠡᠳᠬᠢᠯᠭᠡ ᠲᠠᠢ ᠪᠣᠯᠭᠠᠵᠤ᠂ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠠᠭᠤᠷ ᠠᠮᠢᠰᠬᠤᠯ ᠢ ᠤᠯᠠᠮ ᠴᠢᠨᠠᠭᠰᠢᠳᠠ ᠰᠠᠶᠢᠲᠤᠷ ᠪᠤᠢ ᠪᠣᠯᠭᠠᠵᠤ᠂ ᠤᠳᠤᠷᠢᠳᠤᠮᠵᠢ ᠶᠢ ᠰᠠᠶᠢᠲᠤᠷ ᠪᠤᠢ ᠪᠣᠯᠭᠠᠵᠤ᠂ ᠬᠠᠷᠠᠭᠠᠯᠵᠠᠯ ᠢ ᠰᠠᠶᠢᠲᠤᠷ ᠪᠠᠲᠤᠯᠠᠬᠤ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠳᠡᠭᠡᠭᠰᠢᠯᠡᠭᠦᠯᠬᠦ ᠶᠢ ᠠᠳᠬᠤᠵᠤ᠂ ᠣᠷᠣᠨ ᠤ ᠲᠥᠪ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠡᠳ᠋ ᠤᠨ ᠬᠦᠴᠦᠨ ᠤ ᠪᠠᠲᠤᠯᠠᠭ᠎ᠠ ᠳᠤ ︽ᠨᠡᠮᠡᠭᠳᠡᠭᠦᠯᠬᠦ ᠠᠴᠠ ᠪᠢᠰᠢ ᠪᠠᠭᠠᠰᠬᠠᠬᠤ ᠦᠭᠡᠢ︾᠂ ᠬᠠᠲᠠᠭᠤ ᠬᠡᠷᠡᠭᠰᠡᠯ ᠤᠨ ᠪᠠᠲᠤᠯᠠᠭ᠎ᠠ ᠳᠤ ︽ᠶᠠᠭᠤ ᠳᠤᠲᠠᠭᠳᠠᠪᠠᠯ ᠶᠠᠭᠤ ᠶᠢ ᠨᠥᠬᠦᠪᠦᠷᠢᠯᠡᠬᠦ︾᠂ ᠡᠩᠨᠡᠭᠡ ᠶᠢᠨ ᠪᠠᠲᠤᠯᠠᠭ᠎ᠠ ᠳᠤ ︽ᠬᠡᠳᠦᠢ ᠬᠡᠷᠡᠭᠰᠡᠪᠡᠯ ᠲᠡᠳᠦᠢ ᠶᠢ ᠥᠭᠬᠦ︾ ᠶᠢ ᠪᠡᠶᠡᠯᠡᠭᠦᠯᠵᠦ᠂ ︽ᠣᠷᠣᠨ ᠤ ᠲᠥᠪ ᠤᠨ ᠰᠤᠷᠭᠠᠨ ᠬᠥᠮᠦᠵᠢᠯ ᠢᠶᠠᠷ ᠬᠤᠳᠠ ᠶᠢ ᠬᠦᠴᠦᠷᠬᠡᠭᠵᠢᠭᠦᠯᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠥᠨᠳᠦᠷᠯᠢᠭ ᠭᠠᠵᠠᠷ︾ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠨᠢ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠭᠤᠣᠯ ᠤᠳᠤᠷᠢᠳᠤᠯᠭ᠎ᠠ᠂ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠢ ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ  ᠭᠠᠷᠭᠠᠵᠠᠢ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1