ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠬᠡᠷᠡᠭ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠠᠴᠠ ᠡᠭᠦᠰᠴᠦ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠡᠷᠡᠭᠦᠯ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/9/8
      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠡᠷᠡᠭᠦᠯ ᠬᠥᠭᠵᠢᠯᠲᠡ ᠶᠢ ᠳᠡᠮᠵᠢᠬᠦ ᠪᠣᠯ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠢ ᠶᠢᠨ ᠬᠥᠭᠵᠢᠯᠲᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠤᠬᠠᠢ ᠱᠠᠭᠠᠷᠳᠠᠯᠭ᠎ᠠ ᠡᠳᠦᠷ ᠢᠷᠡᠬᠦᠶ᠎ᠡ ᠴᠢᠩᠭ᠎ᠠ ᠪᠣᠯᠵᠤ ᠪᠠᠶᠢᠭ᠎ᠠ ᠪᠠᠶᠢᠳᠠᠯ ᠢ ᠠᠷᠭᠠᠴᠠᠬᠤ ᠲᠤᠰᠬᠠᠯ ᠮᠥᠨ᠂ ᠵᠠᠬ᠎ᠠ ᠳᠡᠯᠭᠡᠭᠦᠷ ᠤᠨ ᠬᠤᠷᠴᠠ ᠰᠢᠷᠦᠭᠦᠨ ᠥᠷᠢᠰᠦᠯᠳᠦᠭᠡᠨ ᠤ ᠳᠤᠮᠳᠠ ᠪᠡᠯᠡ ᠣᠷᠣᠭᠤᠯᠤᠯᠲᠠ ᠶᠢ ᠲᠠᠲᠠᠵᠤ᠂ ᠪᠡᠯᠡ ᠣᠷᠣᠭᠤᠯᠤᠭᠴᠢᠳ ᠤᠨ ᠢᠲᠡᠭᠡᠯ ᠢ ᠪᠠᠲᠤᠳᠬᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠃  ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠬᠡᠷᠡᠭ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠠᠴᠠ ᠡᠭᠦᠰᠴᠦ᠂ ᠪᠠᠶᠢᠴᠠᠭᠠᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠦᠯᠬᠢᠨ ᠠᠬᠢᠭᠤᠯᠤᠭᠴᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠬᠦ ᠠᠶᠠᠯᠠᠯ ᠤᠨ ᠬᠠᠮᠠᠭᠠᠯᠠᠭᠴᠢ ᠪᠣᠯᠪᠠ᠃      01 ︽ᠴᠢᠳᠠᠮᠠᠭᠠᠢ ᠠᠵᠢᠯᠯᠠᠭ᠎ᠠ + ᠤᠭ ᠦᠨᠳᠦᠰᠦ   ᠶᠢ ᠨᠢ ᠡᠷᠢᠬᠦ︾ ᠪᠠᠷ ᠵᠠᠰᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ   ᠶᠢ ᠰᠡᠷᠭᠡᠶᠢᠯᠡᠨ ᠠᠷᠢᠯᠭᠠᠨ᠎ᠠ      ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠣᠶᠢᠯᠠᠭᠠᠭᠳᠠᠬᠤᠨ ᠢ ᠬᠤᠪᠢᠷᠠᠭᠤᠯᠬᠤ ᠪᠠᠷ ᠤᠳᠤᠷᠢᠳᠤᠮᠵᠢ ᠪᠣᠯᠭᠠᠵᠤ᠂ ᠡᠬᠢ ᠡᠭᠦᠰᠦᠯ ᠠᠴᠠ ᠨᠢ ᠰᠡᠷᠭᠡᠶᠢᠯᠡᠬᠦ ᠪᠠᠷ ᠦᠨᠳᠦᠰᠦ ᠪᠣᠯᠭᠠᠵᠤ᠂ ᠬᠠᠤᠯᠢ ᠴᠠᠭᠠᠵᠠ ᠪᠠᠷ ᠬᠡᠷᠡᠭ ᠰᠢᠢᠳᠪᠦᠷᠢᠯᠡᠬᠦ ᠪᠠᠷ ᠲᠤᠯᠭᠠᠭᠤᠷᠢᠯᠠᠯ ᠪᠣᠯᠭᠠᠵᠤ᠂ ᠬᠡᠷᠡᠭ ᠤᠨ ᠳᠠᠷᠠᠭᠠᠬᠢ ᠵᠠᠰᠠᠯᠲᠠ ᠪᠠᠷ ᠵᠠᠩᠭᠢᠯᠠᠭ᠎ᠠ ᠪᠣᠯᠭᠠᠵᠤ᠂ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠰᠢᠨ᠎ᠡ ᠪᠠᠶᠢᠷᠢᠰᠢᠯ ᠢ ᠲᠠᠰᠤᠷᠠᠯᠳᠡ ᠦᠭᠡᠢ ᠬᠠᠶᠢᠨ ᠰᠦᠪᠡᠭᠴᠢᠯᠡᠪᠡ᠃ ᠵᠢᠱᠢᠶᠡᠯᠡᠪᠡᠯ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠬᠡᠷᠡᠭ ᠰᠢᠢᠳᠪᠦᠷᠢᠯᠡᠬᠦ ᠶᠠᠪᠤᠴᠠ ᠳᠠᠭᠠᠨ ᠲᠤᠭᠳᠠᠬᠤ ᠰᠢᠶᠠᠨ ᠤ ᠶᠠᠮᠠᠷ ᠨᠢᠭᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠦᠶ᠎ᠡ ᠳᠤ ᠵᠢᠭᠡᠯᠡᠯᠭᠡ ᠶᠢᠨ ᠬᠢᠨᠠᠨ ᠪᠠᠶᠢᠴᠠᠭᠠᠯᠲᠠ ᠨᠢ ᠴᠢᠩᠭ᠎ᠠ ᠪᠢᠰᠢ᠂ ᠦᠨᠡᠨ ᠪᠣᠳᠠᠲᠠᠢ ᠪᠢᠰᠢ᠂ ᠬᠡᠯᠪᠡᠷᠢ ᠶᠢᠨ ᠲᠡᠳᠦᠢ ᠪᠠᠶᠢᠵᠤ᠂ ᠦᠡᠭᠭᠡᠨ ᠲᠠᠯ᠎ᠠ ᠶᠢᠨ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠨ ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠤᠢ ᠪᠣᠯᠭᠠᠵᠤ ᠮᠡᠳᠡᠨ᠎ᠠ᠃ ᠭᠡᠬᠦ ᠳᠡᠭᠡᠨ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠨᠢ ᠲᠣᠭᠲᠠᠭᠠᠯ ᠳᠤ ᠨᠡᠶᠢᠴᠡᠬᠦ ᠪᠥᠭᠡᠳ ᠡᠮᠬᠢ ᠵᠢᠷᠤᠮ ᠲᠠᠢ ᠪᠠᠶᠢᠬᠤ ᠡᠰᠡᠬᠦ ᠨᠢ ᠪᠡᠯᠡ ᠮᠥᠩᠭᠦ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠲᠣᠰ ᠪᠡᠶ᠎ᠡ ᠶᠢᠨ ᠡᠷᠡᠭᠦᠯ ᠢᠶᠠᠷ ᠬᠦᠭᠵᠢᠬᠦ ᠳᠤ ᠠᠰᠢᠭ ᠦᠭᠡᠢ ᠶᠤᠮ ᠃ ᠡᠭᠦᠨ ᠤ ᠲᠤᠬᠠᠢ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠡᠭᠦᠨ ᠤ ᠡᠭᠦᠰᠦᠭᠰᠡᠨ ᠰᠢᠯᠲᠠᠭᠠᠨ ᠢ ᠭᠦᠨᠵᠡᠭᠡᠢ ᠵᠠᠳᠠᠯᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠠᠭᠤᠳᠠᠯᠵᠤ᠂ ᠨᠡᠶᠢᠭᠡᠮ ᠤᠨ ᠵᠠᠰᠠᠯᠲᠠ ᠶᠢᠨ ᠪᠠᠶᠢᠴᠠᠭᠠᠬᠤ ᠰᠠᠨᠠᠭᠤᠯᠭ᠎ᠠ ᠶᠢ ᠢᠳᠡᠪᠬᠢᠲᠡᠢ᠂ ᠵᠢᠷᠤᠮᠵᠢᠭᠤᠯᠤᠨ ᠲᠣᠭᠲᠠᠭᠠᠨ ᠲᠠᠷᠬᠠᠭᠠᠵᠤ᠂ ᠬᠠᠮᠢᠶ᠎ᠠ ᠪᠦᠬᠦᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠮᠢᠶ᠎ᠠ ᠪᠦᠬᠦᠢ ᠠᠵᠢᠯ ᠤᠨ ᠲᠣᠭᠲᠠᠴᠠ  ᠶᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠪᠡᠳᠴᠢᠨ ᠠᠷᠬᠠᠭ ᠢ ᠠᠷᠢᠯᠭᠠᠵᠤ ᠬᠡᠮ ᠠᠷᠬᠠᠭ ᠢ ᠠᠷᠢᠯᠭᠠᠬᠤ᠂ ᠳᠦᠷᠢᠮ ᠤᠨ ᠠᠯᠳᠠᠭᠳᠠᠯ ᠢ ᠬᠤᠷᠢᠭᠯᠠᠬᠤ ᠶᠢ ᠬᠠᠪᠰᠤᠷᠤᠨ᠂ ᠳᠣᠲᠣᠭᠠᠳᠤ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠨ ᠳᠦᠷᠢᠮ ᠳᠤ ᠨᠡᠶᠢᠴᠡᠬᠦ ᠪᠠᠶᠢᠭᠤᠯᠤᠯᠲᠠ ᠪᠠᠨ ᠴᠢᠩᠭᠠᠳᠬᠠᠬᠤ ᠶᠢ ᠬᠥᠲᠥᠯᠥᠨ ᠵᠢᠯᠤᠭᠤᠳᠴᠤ ᠠᠬᠢᠭᠤᠯᠵᠤ᠂ ᠠᠵᠢᠯ ᠡᠷᠬᠢᠯᠡᠭᠰᠡᠳ ᠤᠨ ᠬᠠᠤᠯᠢ ᠪᠠᠷ ᠵᠠᠰᠠᠬᠤ ᠤᠬᠠᠮᠰᠠᠷ᠂ ᠬᠤᠷᠢᠭ᠎ᠠ ᠱᠤᠭᠤᠮ ᠤᠨ ᠤᠬᠠᠮᠰᠠᠷ᠂ ᠠᠷᠢᠭᠤᠨ ᠴᠢᠬᠡᠴᠢ ᠶᠢᠨ ᠤᠬᠠᠮᠰᠠᠷ ᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ ᠨᠠᠩ ᠬᠦᠴᠦᠲᠡᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃      02 ︽ᠢᠯᠡ ᠪᠣᠯᠭᠠᠬᠤ + ᠨᠠᠷᠢᠯᠢᠭ ᠣᠨᠣᠴᠠᠲᠠᠢ ᠪᠠᠷ︾ ᠭᠡᠷᠡᠴᠢᠯᠡᠭᠡ ᠰᠣᠨᠣᠰᠴᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠦᠢᠯᠡᠳᠦᠯᠭᠡᠵᠢᠭᠦᠯᠦᠨ᠎ᠡ      ᠬᠡᠷᠡᠭ ᠲᠤ ᠬᠤᠯᠪᠣᠭᠳᠠᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠨᠴᠠᠭᠠᠶ ᠴᠢᠨᠠᠷ ᠵᠢᠴᠢ ᠠᠳᠠᠯᠢ ᠪᠤᠰᠤ ᠠᠵᠢᠯ ᠲᠥᠷᠥᠯ ᠤᠨ ᠲᠥᠷᠥᠯ ᠢᠯᠭᠠᠯ ᠢ ᠦᠨᠳᠦᠰᠦᠯᠡᠨ᠂ ᠬᠡᠷᠡᠭ ᠢ ᠰᠢᠢᠳᠪᠦᠷᠢᠯᠡᠬᠦ ᠦᠶ᠎ᠡ ᠳᠤ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ ᠣᠯᠠᠨ ᠲᠠᠯ᠎ᠠ ᠶᠢᠨ ᠰᠠᠨᠠᠯ ᠢ ᠰᠣᠨᠣᠰᠬᠤ ᠨᠢ ᠬᠡᠷᠡᠭ ᠢ ᠪᠠᠶᠢᠴᠠᠭᠠᠨ ᠲᠣᠳᠣᠯᠠᠬᠤ ᠪᠠ ᠬᠡᠷᠡᠭ ᠢ ᠰᠢᠢᠳᠪᠦᠷᠢᠯᠡᠬᠦ ᠶᠢ ᠤᠷᠲᠤᠳᠬᠠᠬᠤ ᠳᠤ ᠠᠰᠢᠭᠲᠠᠢ ᠶᠤᠮ᠃ ᠢᠯᠡ ᠪᠠᠷ ᠭᠡᠷᠡᠴᠢᠯᠡᠭᠡ ᠰᠣᠨᠣᠰᠬᠤ ᠠᠴᠠ ᠡᠮᠦᠨ᠎ᠡ ᠵᠣᠬᠢᠴᠠᠩᠭᠤᠢ ᠠᠵᠢᠯ ᠲᠥᠷᠥᠯ ᠤᠨ ᠮᠡᠳᠡᠯᠭᠡ᠂ ᠬᠠᠤᠯᠢ ᠴᠠᠭᠠᠵᠠ ᠶᠢᠨ ᠮᠡᠳᠡᠯᠭᠡ ᠲᠠᠢ ᠵᠢᠴᠢ ᠨᠡᠪᠲᠡᠷᠡᠯᠴᠡᠬᠦ᠂ ᠡᠶᠡᠳᠡᠭᠦᠯᠬᠦ ᠳᠡᠭᠡᠨ ᠴᠢᠳᠠᠮᠠᠭᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠬᠢᠨᠠᠯᠲᠠ ᠲᠠᠯᠪᠢᠭᠴᠢ᠂ ᠭᠡᠷᠡᠴᠢᠯᠡᠭᠡ ᠰᠣᠨᠣᠰᠤᠭᠴᠢ ᠶᠢ ᠤᠷᠢᠵᠤ ᠣᠯᠠᠨ ᠡᠰᠢᠵᠢᠭᠰᠡᠨ᠂ ᠲᠤᠰᠬᠠᠶᠢᠵᠢᠭᠰᠠᠨ ᠭᠡᠷᠡᠴᠢᠯᠡᠭᠡ ᠰᠣᠨᠣᠰᠤᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠥᠪᠡᠷ ᠤᠨ ᠪᠡᠶ᠎ᠡ ᠪᠠᠷ ᠢᠶᠠᠨ ᠠᠵᠤ ᠠᠬᠤᠶᠢᠯᠠᠯ ᠤᠨ ᠵᠣᠭᠰᠣᠯᠲᠠ ᠳᠤ ᠵᠣᠭᠰᠣᠨ ᠠᠰᠠᠭᠤᠳᠠᠯ ᠢ ᠪᠣᠳᠣᠯᠬᠢᠯᠠᠵᠤ᠂ ᠠᠵᠤ ᠠᠬᠤᠶᠢᠯᠠᠯ ᠢ ᠬᠠᠪᠰᠤᠷᠤᠨ ᠡᠷᠡᠭᠡᠯᠵᠡᠭᠡ ᠶᠢ ᠨᠢ ᠠᠯᠳᠠᠷᠠᠭᠠᠵᠤ᠂ ᠮᠡᠳᠡᠷᠡᠬᠦ ᠰᠡᠳᠬᠢᠯᠭᠡ ᠶᠢ ᠨᠢ ᠨᠡᠮᠡᠭᠳᠡᠭᠦᠯᠦᠨ᠂ ᠰᠠᠨᠠᠯ ᠰᠣᠨᠣᠰᠤᠯᠲᠠ ᠶᠢᠨ ᠦᠷ᠎ᠡ ᠳ᠋ᠦᠩ ᠤᠨ ᠲᠥᠪ ᠭᠤᠣᠯᠴᠢ ᠴᠢᠨᠠᠷ ᠪᠠ ᠢᠲᠡᠭᠡᠭᠦᠯᠬᠦ ᠬᠦᠴᠦᠨ ᠢ ᠨᠢ ᠨᠡᠮᠡᠭᠳᠡᠭᠦᠯᠦᠨ᠎ᠡ᠃ ᠢᠯᠡ ᠲᠣᠳᠣ᠂ ᠲᠥᠪ ᠭᠤᠣᠯᠴᠢ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷᠡᠭ ᠤᠨ ᠪᠣᠳᠠᠲᠤ ᠶᠠᠪᠤᠳᠠᠯ ᠢ ᠪᠠᠶᠢᠴᠠᠭᠠᠨ ᠲᠣᠳᠣᠯᠠᠵᠤ᠂ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠤᠷᠲᠤᠳᠬᠠᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠪᠥᠭᠡᠳ ᠡᠷᠡᠭᠦᠯ ᠢᠶᠠᠷ ᠬᠥᠭᠵᠢᠬᠦ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃      03 ︽ᠬᠦᠴᠦᠨ ᠲᠠᠢ + ᠵᠠᠷᠯᠠᠬᠤ︾ ᠶᠢ ᠬᠦᠷᠭᠡᠵᠦ᠂ ᠨᠢᠭᠡ ᠬᠡᠷᠡᠭ ᠢ ᠰᠢᠢᠳᠪᠦᠷᠢᠯᠡᠵᠦ᠂ ᠨᠢᠭᠡ ᠬᠡᠰᠡᠭ ᠢ ᠵᠠᠰᠠᠵᠤ᠂ ᠨᠡᠶᠢᠭᠡᠮ ᠤᠨ ᠬᠡᠪᠴᠢᠶ᠎ᠡ ᠶᠢ ᠨᠥᠯᠥᠭᠡᠯᠡᠬᠦ ᠶᠢ ᠴᠢᠷᠮᠠᠶᠢᠨ ᠪᠡᠶᠡᠯᠡᠭᠦᠯᠦᠨ᠎ᠡ      ᠲᠤᠬᠠᠢ ᠶᠢᠨ ᠬᠥᠮᠥᠨ ᠳᠤ ᠬᠠᠮᠤᠭ ᠤᠨ ᠶᠡᠭᠡ ᠳᠥᠭᠦᠮ ᠦᠵᠡᠭᠦᠯᠬᠦ ᠵᠠᠷᠴᠢᠮ ᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠬᠢᠨᠠᠯᠲᠠ ᠲᠠᠯᠪᠢᠭᠴᠢ᠂ ᠭᠡᠷᠡᠴᠢᠯᠡᠭᠡ ᠰᠣᠨᠣᠰᠤᠭᠴᠢ ᠵᠡᠷᠭᠡ ᠶᠢ ᠤᠷᠢᠵᠤ ᠬᠠᠮᠲᠤ ᠪᠠᠷ ᠣᠷᠣᠯᠴᠠᠭᠤᠯᠵᠤ᠂ ᠪᠠᠶᠢᠴᠠᠭᠠᠬᠤ ᠰᠠᠨᠠᠭᠤᠯᠭ᠎ᠠ ᠶᠢ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ︽ᠭᠡᠷ ᠤᠨ ᠡᠭᠦᠳᠡ︾ ᠳᠤ ᠬᠦᠷᠭᠡᠵᠦ᠂ ︽ᠬᠡᠯᠬᠢᠶ᠎ᠡ᠂ ᠪᠦᠬᠦᠨ ᠢ ᠬᠠᠮᠤᠷᠬᠤ᠂ ᠨᠢᠭᠡ ᠦᠷᠳᠡᠭᠡᠯᠢᠭ ᠮᠠᠶ᠋ᠢᠭ︾ ᠤᠨ ᠪᠠᠶᠢᠴᠠᠭᠠᠬᠤ ᠦᠢᠯᠡᠴᠢᠯᠡᠭᠡᠨ ᠤ ᠳᠠᠪᠠᠭᠤᠯᠢᠭ ᠢ ᠪᠠᠳᠠᠷᠠᠭᠤᠯᠤᠨ᠂ ︽ᠨᠢᠳᠦᠨ ᠳᠤ ᠦᠵᠡᠭᠳᠡᠬᠦ᠂ ᠰᠣᠨᠣᠰᠴᠤ ᠣᠶᠢᠯᠠᠭᠠᠬᠤ᠂ ᠬᠦᠷᠦᠯᠴᠡᠬᠦ︾ ᠠᠷᠭ᠎ᠠ ᠮᠠᠶ᠋ᠢᠭ ᠢᠶᠠᠷ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠠᠵᠤ ᠠᠬᠤᠶᠢᠯᠠᠯ ᠵᠢᠴᠢ ᠠᠵᠤ ᠠᠬᠤᠶᠢᠯᠠᠯ ᠤᠨ ᠠᠵᠢᠯᠲᠠᠨ ᠳᠤ ᠪᠠᠶᠢᠴᠠᠭᠠᠬᠤ ᠠᠵᠢᠯ ᠤᠨ ᠬᠠᠯᠠᠭᠤᠨ ᠳᠤᠯᠠᠭᠠᠨ ᠲᠥᠷᠥᠭᠳᠡᠯ ᠢ ᠣᠯᠭᠤᠪᠠ᠃ ᠢᠯᠡ ᠪᠠᠷ ᠨᠡᠶᠢᠲᠡᠯᠡᠵᠦ ᠬᠦᠷᠭᠡᠬᠦ ᠪᠠᠷ ᠳᠠᠮᠵᠢᠭᠤᠯᠤᠨ᠂ ᠠᠵᠢᠯ ᠲᠦᠷᠦᠯ ᠤᠨ ᠬᠢᠨ ᠢ ᠰᠢᠪᠠᠳᠠᠨ ᠵᠢᠷᠤᠮᠵᠢᠭᠤᠯᠵᠤ ᠥᠪᠡᠷ ᠢ ᠪᠠᠨ ᠱᠠᠭᠠᠷᠳᠠᠬᠤ ᠶᠢ ᠰᠢᠪᠠᠳᠠᠭᠰᠠᠨ ᠨᠢ ᠪᠠᠶᠢᠴᠠᠭᠠᠬᠤ ᠰᠠᠨᠠᠭᠤᠯᠭ᠎ᠠ ᠶᠢᠨ ᠢᠯᠡ ᠴᠢᠨᠠᠷ᠂ ᠵᠢᠷᠤᠮᠵᠢᠯᠳᠤ ᠴᠢᠨᠠᠷ᠂ ᠡᠷᠬᠡ ᠰᠦᠷᠲᠦ ᠴᠢᠨᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠪᠠᠶᠢᠴᠠᠭᠠᠬᠤ ᠪᠠᠶᠢᠭᠤᠯᠭ᠎ᠠ ᠬᠢᠭᠡᠳ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠰᠠᠶᠢᠨ ᠨᠥᠬᠦᠴᠡᠯᠳᠦᠯ ᠤᠨ ᠪᠠᠶᠢᠷᠢᠰᠢᠯ ᠢ ᠪᠤᠢ ᠪᠣᠯᠭᠠᠵᠤ᠂ ᠡᠴᠦᠰ ᠲᠡᠭᠡᠨ ᠬᠤᠶᠠᠷ ᠲᠠᠯ᠎ᠠ ᠪᠠᠷ ᠢᠶᠠᠨ ᠠᠰᠢᠭ ᠬᠦᠷᠲᠡᠵᠦ ᠤᠯᠠᠨ ᠲᠠᠯ᠎ᠠ ᠪᠠᠷ ᠠᠰᠢᠭ ᠬᠦᠷᠲᠡᠵᠦ ᠬᠠᠮᠲᠤ ᠪᠠᠷ ᠠᠰᠢᠭ ᠬᠦᠷᠳᠡᠬᠦ ᠦᠷ᠎ᠡ ᠪᠦᠲᠦᠮᠵᠢ ᠶᠢ ᠪᠡᠶᠡᠯᠡᠭᠦᠯᠬᠦ ᠳᠤ ᠠᠰᠢᠭᠲᠠᠢ ᠶᠤᠮ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1