ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠳᠠᠭᠠᠭᠠᠯᠭᠠᠵᠤ᠂ ᠰᠢᠨ᠎ᠡ ᠭᠠᠷᠤᠭ᠎ᠠ ᠰᠢᠨ᠎ᠡ ᠠᠶᠠᠨ ᠢᠶᠠᠨ | ᠡᠬᠢᠯᠡᠭᠦᠯᠪᠡ᠃ 1 ᠳ᠋ᠤᠭᠡᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ | ᠶᠦᠨ ᠵᠦᠩ ᠰᠣᠶᠣᠯ ᠤᠨ ᠣᠷᠳᠣᠨ ᠳᠤ ᠦᠪᠡᠳᠡᠭᠰᠢ ᠶᠡᠭᠡ ᠪᠠᠷ ᠡᠬᠢᠯᠡᠪᠡ᠃ | | | | | | | | ᠥᠨᠥᠳᠦᠷ ᠤᠨ ᠶᠦᠨ ᠵᠦᠩ ᠰᠣᠶᠣᠯ ᠤᠨ ᠣᠷᠳᠣᠨ ᠤ ᠬᠤᠷᠠᠯ ᠤᠨ ᠲᠢᠩᠬᠢᠮ ᠳᠤ ᠤᠯᠤᠰ ᠤᠨ ᠰᠦᠯᠳᠡ | ᠲᠥᠪ ᠶᠡᠬᠡᠮᠰᠦᠭ᠂ ᠥᠩᠭᠡᠲᠦ ᠳ᠋ᠧᠩ ᠳᠤᠸᠠᠯᠠᠵᠤ᠂ ᠬᠤᠷᠠᠯ ᠤᠨ ᠲᠠᠯᠠᠪᠠᠶ ᠶᠢᠨ ᠠᠭᠤᠷ ᠠᠮᠢᠰᠬᠤᠯ ᠦᠪᠡᠳᠡᠭᠰᠢ ᠶᠡᠭᠡ | ᠪᠥᠭᠡᠳ ᠬᠦᠷ ᠬᠥᠭᠵᠢᠶᠡᠨ ᠲᠠᠢ᠃ | | | | | | | | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ | ᠲᠡᠷᠢᠭᠦᠯᠡᠭᠴᠢ ᠸᠠᠩ ᠳ᠋ᠦᠩ ᠱᠧᠩ᠂ ᠰᠦᠨ ᠰᠢᠶᠦ᠋ᠨ᠂ ᠵᠠᠢ ᠱᠦ ᠵᠢᠶᠧ᠂ ᠸᠧᠨ ᠵᠢᠶᠠᠩ ᠬᠠᠢ᠂ ᠹᠠᠨ ᠷᠦᠢ ᠫᠢᠩ᠂ | ᠯᠢ ᠸᠧᠨ ᠰᠢᠤ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠬᠦ ᠪᠦᠷᠢᠯᠳᠦᠬᠦᠨ ᠪᠣᠯᠤᠨ ᠪᠤᠰᠤᠳ ᠰᠢᠶᠠᠨ | ᠭᠠᠵᠠᠷ ᠤᠨ ᠲᠡᠰ ᠤᠨ ᠤᠳᠤᠷᠢᠳᠤᠯᠭ᠎ᠠ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | | | | ᠥᠨᠥᠳᠦᠷ ᠤᠨ ᠶᠡᠭᠡ ᠬᠤᠷᠠᠯ ᠳᠤ ᠰᠤᠯᠠ ᠣᠷᠣᠯᠴᠠᠭᠰᠠᠳ ᠲᠤ᠄ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠭᠰᠠᠨ ᠰᠤᠯᠠ ᠣᠷᠣᠯᠴᠠᠭᠰᠠᠳ᠂ | ᠤᠯᠤᠰ ᠲᠦᠷᠦ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ | ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ ᠪᠠ ᠰᠤᠯᠠ ᠣᠷᠣᠯᠴᠠᠭᠰᠠᠳ ᠪᠠᠶᠢᠨ᠎ᠠ᠃ | | | | | ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 187 ᠬᠥᠮᠦᠨ᠂ ᠪᠣᠳᠠᠲᠠᠶ | ᠣᠷᠣᠯᠴᠠᠭᠰᠠᠨ ᠲᠥᠯᠥᠭᠡᠯᠡᠭᠴᠢ 172 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠰᠦᠨ ᠰᠢᠶᠦ᠋ᠨ ᠬᠤᠷᠠᠯ ᠢ ᠡᠷᠬᠢᠯᠡᠭᠰᠡᠨ ᠪᠥᠭᠡᠳ ᠶᠡᠭᠡ ᠬᠤᠷᠠᠯ ᠡᠬᠢᠯᠡᠭᠰᠡᠨ ᠢ ᠵᠠᠷᠯᠠᠵᠤ᠂ ᠪᠦᠭᠦᠳᠡᠭᠡᠷ ᠢᠶᠠᠨ ᠪᠣᠰᠴᠤ | ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃ | | | | | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠵᠧᠩ ᠶᠡᠭᠡ ᠬᠤᠷᠠᠯ ᠳᠤ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠢᠯᠡᠳᠬᠡᠯ ᠢ ᠬᠤᠶᠠᠷ ᠬᠡᠰᠡᠭ ᠲᠤ ᠬᠤᠪᠢᠶᠠᠪᠠ᠄ ᠨᠢᠭᠡ ᠳᠤ᠂ | 2023 ᠣᠨ ᠤ ᠠᠵᠢᠯ ᠤᠨ ᠳ᠋ᠦᠩᠨᠡᠯᠲᠡ᠂ ᠬᠤᠶᠠᠷ ᠲᠤ 2024 ᠣᠨ ᠤ ᠠᠵᠢᠯ ᠤᠨ ᠲᠣᠬᠢᠷᠠᠭᠤᠯᠤᠯᠲᠠ ᠪᠣᠯᠤᠨ᠎ᠠ | ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |