ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠭᠡᠷ ᠲᠡᠭᠡᠨ ᠬᠤᠴᠣᠷᠤᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/1/15
      ᠶᠡᠷᠦᠩᠬᠡᠢ ᠱᠦᠵᠢ ᠰᠢ ᠶᠢᠨ ᠫᠢᠩ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠲᠡᠳᠬᠦᠬᠦ ᠡᠷᠴᠢᠮ ᠢᠶᠠᠨ ᠴᠢᠨᠠᠭᠰᠢᠳᠠ ᠴᠢᠩᠭᠠᠳᠬᠠᠵᠤ᠂ ᠭᠡᠷ  ᠲᠡᠭᠡᠨ ᠬᠤᠴᠣᠷᠤᠭᠰᠠᠨ ᠬᠡᠦᠬᠡᠳ ᠢ ᠬᠠᠪᠰᠤᠷᠤᠨ ᠡᠷᠡᠭᠦᠯ ᠢᠶᠠᠷ ᠦᠰᠦᠨ ᠪᠣᠶᠢᠵᠢᠬᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 2024 ᠣᠨ ᠤ 1 ᠳ᠋ᠤᠭᠡᠷ ᠰᠠᠷ᠎ᠠ ᠶᠢᠨ 10  ᠤ ᠡᠳᠦᠷ᠂ ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃
     ᠠᠵᠢᠯᠯᠠᠭ᠎ᠠ ᠶᠢᠨ ᠳᠤᠮᠳᠠ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢᠳ ᠭᠡᠷ ᠲᠡᠭᠡᠨ ᠬᠤᠴᠣᠷᠤᠭᠰᠠᠨ ᠬᠡᠦᠬᠡᠳ ᠲᠤ ᠰᠤᠷᠤᠯᠭ᠎ᠠ ᠶᠢᠨ ᠬᠡᠷᠡᠭᠰᠡᠯ᠂ ᠦᠨᠢᠶᠡᠨ ᠰᠦ ᠵᠡᠷᠭᠡ ᠲᠣᠬᠤᠨᠢᠭᠤᠯᠬᠤ ᠪᠣᠳᠠᠰ ᠬᠦᠷᠭᠡᠨ ᠥᠭᠴᠦ᠂ ᠨᠠᠰᠤᠨ ᠳᠤ ᠥᠯᠥ ᠭᠦᠷᠦᠭᠰᠡᠳ ᠲᠠᠢ ᠨᠢᠭᠤᠷᠲᠠᠨ ᠳᠣᠲᠣᠨᠣ ᠶᠠᠷᠢᠯᠴᠠᠵᠠᠢ᠃ ᠬᠡᠦᠬᠡᠳ ᠤᠨ ᠠᠮᠢᠳᠤᠷᠠᠯ ᠪᠠ ᠰᠤᠷᠤᠯᠭ᠎ᠠ ᠶᠢᠨ ᠣᠷᠴᠢᠮ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠰᠡᠳᠬᠢᠴᠡ ᠶᠢᠨ ᠪᠠᠶᠢᠳᠠᠯ ᠢ ᠨᠢ ᠨᠠᠷᠢᠨ ᠨᠢᠭᠲᠠ ᠤᠶᠢᠯᠠᠭᠠᠨ ᠰᠠᠨᠠᠯ ᠰᠣᠯᠢᠯᠴᠠᠵᠤ᠂ ᠦᠵᠡᠯ ᠰᠠᠨᠠᠭᠠᠨ ᠤ ᠪᠠᠶᠢᠳᠠᠯ ᠢ ᠨᠢ ᠡᠵᠡᠮᠰᠢᠪᠡ᠃ ᠡᠭᠦᠨ ᠤ ᠬᠠᠮᠲᠤ ᠳᠠᠰᠬᠠᠯ ᠢ ᠨᠢ ᠬᠠᠪᠰᠤᠷᠤᠨ ᠵᠢᠯᠤᠭᠤᠳᠬᠤ ᠶᠢᠨ ᠬᠠᠮᠲᠤ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠥᠷᠲᠡᠭ ᠤᠨ ᠦᠵᠡᠯᠲᠡ ᠲᠠᠢ ᠪᠣᠯᠭᠠᠬᠤ ᠪᠠᠷ ᠬᠥᠲᠥᠯᠥᠨ ᠵᠢᠯᠤᠭᠤᠳᠴᠤ᠂ ᠥᠪᠡᠷ ᠤᠨ ᠠᠮᠢᠳᠤᠷᠠᠯ ᠢᠶᠠᠨ ᠰᠠᠶᠢᠲᠤᠷ ᠬᠠᠷᠠᠭᠠᠯᠵᠠᠭᠠᠷᠠᠢ ᠭᠡᠵᠦ ᠵᠠᠬᠢᠵᠤ᠂ ᠢᠳᠡᠪᠬᠢᠲᠡᠢ ᠪᠠᠶᠠᠰᠤᠩᠭᠤᠢ ᠪᠠᠶᠢᠵᠤ᠂ ᠠᠮᠢᠳᠤᠷᠠᠯ ᠳᠤ ᠬᠠᠶᠢᠷᠠᠲᠠᠢ ᠪᠠᠶᠢᠬᠤ ᠶᠢ ᠨᠢ ᠵᠤᠷᠢᠭᠵᠢᠭᠤᠯᠵᠠᠢ᠃
     ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠪᠣᠯ ᠪᠥᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠳᠤ᠂ ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠭᠡᠷ ᠲᠡᠭᠡᠨ ᠬᠤᠴᠣᠷᠤᠭᠰᠠᠨ ᠬᠡᠦᠬᠡᠳ ᠲᠤ ᠡᠳ᠋ ᠪᠣᠳᠠᠰ ᠤᠨ ᠲᠠᠯ᠎ᠠ ᠶᠢᠨ ᠬᠠᠯᠠᠮᠵᠢᠯᠠᠯ ᠬᠦᠷᠲᠡᠭᠡᠭᠰᠡᠨ ᠢᠶᠠᠷ ᠪᠠᠷᠠᠬᠤ ᠦᠭᠡᠢ᠂ ᠨᠠᠩ ᠴᠤ ᠣᠶᠤᠨ ᠰᠠᠨᠠᠭᠠᠨ ᠤ ᠲᠠᠯ᠎ᠠ ᠶᠢᠨ ᠵᠣᠷᠢᠭᠵᠢᠭᠤᠯᠤᠯ ᠬᠦᠷᠭᠡᠵᠦ᠂ ᠬᠡᠦᠬᠡᠳ ᠲᠤ ᠰᠡᠳᠬᠢᠯ ᠰᠠᠨᠠᠭᠠᠨ ᠤ ᠲᠠᠯ᠎ᠠ ᠶᠢᠨ ᠲᠠᠶᠢᠳᠬᠤᠷᠠᠭᠤᠯᠤᠯ ᠪᠠ ᠬᠠᠶᠢᠷ᠎ᠠ ᠬᠠᠯᠠᠮᠵᠢ ᠬᠦᠷᠲᠡᠭᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠬᠦᠴᠢᠷᠳᠡᠯ ᠳᠤ ᠲᠤᠯᠭᠠᠷᠠᠭᠰᠠᠨ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ ᠶᠢ ᠦᠷᠭᠦᠯᠵᠢᠯᠡᠨ ᠭᠤᠣᠯᠳᠠᠯᠭ᠎ᠠ ᠲᠠᠢ ᠠᠵᠢᠯ ᠢᠶᠠᠨ ᠪᠣᠯᠭᠠᠵᠤ᠂ ᠡᠷᠬᠢᠨ ᠦᠵᠡᠵᠦ ᠲᠣᠬᠤᠨᠢᠭᠤᠯᠤᠨ ᠬᠠᠯᠠᠮᠵᠢᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠡᠳᠡᠨ ᠤ ᠰᠡᠳᠬᠢᠴᠡ ᠪᠠ ᠦᠰᠦᠨ ᠪᠤᠶᠢᠵᠢᠯᠲᠠ ᠶᠢᠨ ᠬᠡᠷᠡᠭᠴᠡᠭᠡ ᠶᠢ ᠴᠠᠭ ᠢᠮᠠᠭᠲᠠ ᠠᠩᠬᠠᠷᠴᠤ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠵᠣᠯ ᠵᠢᠷᠭᠠᠯᠲᠤ ᠰᠡᠳᠬᠢᠯᠭᠡ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1