ᠤᠯᠤᠰ ᠲᠦᠷᠦ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠢᠯᠠᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/1/15
      1 ᠳ᠋ᠤᠭᠡᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠶᠦᠨ ᠵᠦᠩ ᠰᠣᠶᠣᠯ ᠤᠨ ᠣᠷᠳᠣᠨ ᠳᠤ ᠢᠯᠠᠯᠲᠠ ᠲᠠᠢ ᠪᠠᠷ ᠲᠡᠭᠦᠰᠪᠡ᠃
     ᠲᠣᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠢ ᠭᠡᠰᠢᠭᠦᠨ 153 ᠬᠥᠮᠥᠨ᠂ ᠪᠣᠳᠠᠲᠠᠢ ᠣᠷᠣᠯᠴᠠᠭᠰᠠᠨ ᠭᠡᠰᠢᠭᠦᠨ 134 ᠬᠥᠮᠥᠨ ᠪᠠᠶᠢᠵᠤ᠂ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠦ ᠪᠠᠶᠢᠨ᠎ᠠ᠃ ᠲᠤᠰ ᠤᠳᠠᠭ᠎ᠠ ᠶᠢᠨ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠪᠣᠯ᠄ ᠸᠠᠩ ᠮᠢᠩ᠂ ᠯᠢ ᡁᠢ ᠫᠢᠩ᠂ ᠦ᠋ ᠵᠢᠶᠧ᠂ ᠯᠢᠦ ᠶᠠᠨ ᠵᠡᠷᠭᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠪᠣᠯᠣᠨ᠎ᠠ᠃
     ᠶᠡᠭᠡ ᠬᠤᠷᠠᠯ ᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠮᠢᠩ ᠡᠷᠬᠢᠯᠡᠪᠡ᠃      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃
     ᠰᠢᠶᠠᠨ ᠭᠠᠵᠠᠷ ᠤᠨ ᠲᠡᠰ ᠤᠨ ᠪᠤᠰᠤᠳ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠰᠢᠶᠠᠨ ᠤ ᠡᠯ᠎ᠡ ᠬᠡᠯᠳᠡᠰ᠂ ᠬᠤᠷᠢᠶ᠎ᠠ᠂ ᠠᠯᠪᠠᠨ ᠭᠡᠷ᠂ ᠲᠣᠪᠴᠢᠶ᠎ᠠ᠂ ᠠᠷᠠᠳ ᠤᠨ ᠪᠦᠯᠬᠦᠮ᠂ ᠲᠤᠭᠳᠠᠬᠤ ᠳᠤ ᠰᠠᠭᠤᠭ᠎ᠠ ᠨᠢᠭᠡᠴᠢ ᠶᠢᠨ ᠬᠠᠷᠢᠭᠤᠴᠠᠯᠭᠠᠲᠠᠨ᠂ ᠬᠡᠰᠡᠭ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃
      ᠶᠡᠭᠡ ᠬᠤᠷᠠᠯ ᠠᠴᠠ 2023 ᠣᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠲᠡᠷᠢᠭᠦᠨ ᠤ ᠨᠢᠭᠡᠴᠡ᠂ ᠰᠢᠯᠢᠳᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠬᠥᠬᠢᠭᠦᠯᠦᠨ ᠰᠠᠶᠢᠰᠢᠶᠠᠪᠠ᠃      ᠶᠡᠭᠡ ᠬᠤᠷᠠᠯ ᠤᠨ ᠡᠴᠦᠰ ᠲᠤ᠂ ᠸᠠᠩ ᠮᠢᠩ ᠲᠡᠭᠦᠰᠬᠦ ᠶᠠᠷᠢᠶ᠎ᠠ ᠲᠠᠯᠪᠢᠪᠠ᠃ ᠲᠡᠷᠡ᠂ ᠬᠤᠷᠠᠯ ᠤᠨ ᠬᠤᠭᠤᠴᠠᠭᠠᠨ ᠳᠤ᠂ ᠭᠡᠰᠢᠭᠦᠳ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠤᠶᠤᠨ ᠤᠬᠠᠭᠠᠨ ᠢᠶᠠᠨ ᠡᠷᠭᠦᠵᠦ᠂ ᠮᠠᠰᠢ ᠤᠯᠠᠨ ᠳᠡᠭᠡᠳᠦ ᠬᠡᠮᠵᠢᠶ᠎ᠡ ᠲᠠᠢ᠂ ᠭᠦᠨᠴᠡ ᠲᠠᠢ᠂ ᠳᠤᠯᠠᠭᠠᠬᠠᠨ ᠰᠠᠨᠠᠯ ᠰᠠᠨᠠᠭᠤᠯᠭ᠎ᠠ ᠳᠤᠷᠠᠳᠴᠤ᠂ ᠥᠷᠭᠡᠨ ᠤᠯᠠᠨ ᠭᠡᠰᠢᠭᠦᠳ ᠤᠨ ᠲᠤᠭᠳᠠᠬᠤ ᠰᠢᠶᠠᠨ ᠢ ᠬᠠᠯᠠᠮᠵᠢᠯᠠᠬᠤ᠂ ᠲᠤᠭᠳᠠᠬᠤ ᠰᠢᠶᠠᠨ ᠢ ᠬᠠᠶᠢᠷᠠᠯᠠᠬᠤ᠂ ᠲᠤᠭᠳᠠᠬᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠮᠲᠤ ᠶᠢᠨ ᠬᠦᠰᠡᠯ ᠡᠷᠡᠮᠡᠯᠵᠡᠯ ᠪᠠ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠵᠡᠢ᠃ ᠬᠤᠷᠠᠯ ᠠᠴᠠ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠵᠦ᠂ ᠡᠨᠡ ᠵᠢᠯ ᠤᠨ ᠠᠵᠢᠯ ᠳᠤ ᠰᠢᠨ᠎ᠡ ᠰᠡᠳᠬᠢᠴᠡ ᠶᠢ ᠳᠤᠷᠠᠳᠴᠤ᠂ ᠰᠢᠨ᠎ᠡ ᠪᠠᠶᠢᠷᠢᠯᠠᠭᠤᠯᠤᠯᠲᠠ ᠬᠢᠵᠦ᠂ ᠰᠣᠩᠭᠤᠭᠤᠯᠢ ᠶᠢᠨ ᠠᠵᠢᠯ ᠢ ᠤᠷᠤᠭᠰᠢᠲᠠᠢ ᠪᠠᠷ ᠪᠡᠶᠡᠯᠡᠭᠦᠯᠵᠦ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠢ ᠲᠡᠭᠦᠯᠳᠡᠷᠵᠢᠭᠦᠯᠦᠭᠰᠡᠨ ᠢᠶᠠᠷ ᠶᠡᠭᠡ ᠬᠤᠷᠠᠯ ᠢ ᠪᠣᠷᠣᠭᠵᠢᠭᠤᠨ ᠪᠥᠭᠡᠳ ᠬᠥᠭᠵᠢᠶᠡᠨᠲᠡᠢ᠂ ᠡᠶ᠎ᠡ ᠵᠣᠬᠢᠴᠠᠩᠭᠤᠢ ᠪᠠᠷ ᠢᠯᠭᠤᠮ ᠤᠷᠤᠭᠰᠢᠲᠠᠢ ᠬᠤᠷᠠᠯᠳᠤᠭᠤᠯᠵᠠᠢ᠃
     ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1