ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/1/15
      1 ᠳ᠋ᠤᠭᠡᠷ ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ᠂ ᠶᠦᠨ ᠵᠦᠩ ᠰᠣᠶᠣᠯ ᠤᠨ ᠣᠷᠳᠣᠨ ᠳᠤ ᠠᠮᠵᠢᠯᠲᠠ ᠲᠠᠢ ᠲᠡᠭᠦᠰᠪᠡ᠃
     ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 187 ᠬᠥᠮᠥᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 172 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃      ᠶᠡᠭᠡ ᠬᠤᠷᠠᠯ ᠤᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠸᠠᠩ ᠳ᠋ᠦᠩ ᠱᠧᠩ᠂ ᠭᠤᠤ ᠵᠧᠩ ᠂ ᠰᠦᠨ ᠰᠢᠶᠦ᠋ᠨ᠂ ᠸᠠᠩ ᠮᠢᠩ ᠵᠡᠷᠭᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠬᠦ ᠪᠦᠷᠢᠯᠳᠦᠭᠦᠨ ᠪᠣᠯᠣᠨ ᠪᠤᠰᠤᠳ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠣᠷᠣᠯᠴᠠᠪᠠ᠃
     ᠦᠳᠡ ᠶᠢᠨ ᠬᠤᠶᠢᠨᠠᠬᠢ 3 ᠴᠠᠭ ᠲᠤ᠂ ᠶᠡᠭᠡ ᠬᠤᠷᠠᠯ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠬᠢᠪᠡ᠃      ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠸᠠᠩ ᠳ᠋ᠦᠩ ᠱᠧᠩ ᠡᠷᠬᠢᠯᠡᠪᠡ᠃      ᠳᠠᠷᠠᠭ᠎ᠠ ᠪᠠᠷ ᠨᠢ ᠶᠡᠭᠡ ᠬᠤᠷᠠᠯ ᠠᠴᠠ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠢ ᠬᠤᠷᠠᠯᠳᠤᠭᠤᠯᠪᠠ᠃
     ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠰᠦᠨ ᠰᠢᠶᠦ᠋ᠨ ᠡᠷᠬᠢᠯᠡᠪᠡ᠃      ᠶᠡᠭᠡ ᠬᠤᠷᠠᠯ ᠠᠴᠠ ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢ ᠪᠠᠲᠤᠯᠠᠵᠤ᠂ ᠲᠣᠭᠲᠠᠬᠤ ᠰᠢᠶᠠᠨ ᠤ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ᠂ ᠲᠣᠭᠲᠠᠬᠤ ᠰᠢᠶᠠᠨ ᠤ 2023 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠡᠳ᠋ ᠤᠨ ᠵᠠᠰᠠᠭ ᠤᠨ ᠲᠥᠰᠥᠪ ᠤᠨ ᠲᠤᠬᠠᠢ ᠰᠢᠢᠳᠪᠦᠷᠢ᠂ ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠳᠤᠯᠠᠪᠠ᠃      ᠶᠡᠭᠡ ᠬᠤᠷᠠᠯ ᠤᠨ ᠡᠴᠦᠰ ᠲᠤ ᠲᠡᠭᠦᠰᠬᠦ ᠶᠣᠰᠣᠯᠠᠯ ᠶᠠᠪᠤᠭᠳᠠᠵᠤ᠂ ᠰᠦᠨ ᠰᠢᠶᠦ᠋ᠨ ᠲᠡᠭᠦᠰᠬᠦ ᠶᠠᠷᠢᠶ᠎ᠠ ᠲᠠᠯᠪᠢᠪᠠ᠃      ᠲᠤᠰ ᠤᠳᠠᠭ᠎ᠠ ᠶᠢᠨ ᠬᠤᠷᠠᠯ ᠳᠤ ᠪᠦᠬᠦ ᠲᠥᠯᠥᠭᠡᠯᠡᠭᠴᠢᠳ ᠤᠨ ᠤᠶᠤᠨ ᠤᠬᠠᠭᠠᠨ ᠪᠣᠯᠣᠨ ᠬᠦᠴᠦ ᠬᠥᠳᠡᠯᠮᠦᠷᠢ ᠶᠢ ᠨᠢᠭᠲᠠᠷᠠᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠢᠴᠡᠳ ᠢᠯᠡᠷᠡᠭᠦᠯᠵᠦ᠂ ᠪᠦᠬᠦ ᠰᠢᠶᠠᠨ ᠤ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠶᠢ ᠢᠯᠡᠷᠡᠭᠦᠯᠵᠦ᠂ ᠪᠦᠬᠦ ᠰᠢᠶᠠᠨ ᠤ ᠠᠷᠠᠳ ᠲᠦᠮᠡᠨ ᠤ ᠠᠰᠢᠭ ᠲᠤᠰᠠ ᠶᠢ ᠲᠥᠯᠥᠭᠡᠯᠡᠵᠦ᠂ ᠪᠦᠬᠦ ᠰᠢᠶᠠᠨ ᠤ ᠠᠷᠠᠳ ᠲᠦᠮᠡᠨ ᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠲᠤᠰᠬᠠᠵᠠᠢ᠃ ᠬᠤᠷᠠᠯ ᠠᠴᠠ ᠲᠤᠭ ᠢᠶᠠᠨ ᠥᠨᠳᠥᠷ ᠮᠠᠨᠳᠤᠭᠤᠯᠵᠤ᠂ ᠭᠤᠣᠯᠳᠠᠯᠭ᠎ᠠ ᠪᠠᠨ ᠬᠠᠮᠠᠭᠠᠯᠠᠬᠤ ᠤᠯᠤᠰ ᠲᠥᠷᠥ ᠶᠢᠨ ᠤᠬᠠᠮᠰᠠᠷ ᠢ ᠭᠠᠷᠭᠠᠵᠤ᠂ ᠬᠥᠭᠵᠢᠯᠲᠡ ᠪᠠᠨ ᠲᠦᠷᠭᠡᠳᠬᠡᠬᠦ ᠢᠯᠡ ᠲᠣᠳᠣ ᠭᠤᠣᠯ ᠰᠡᠳᠦᠪ ᠢ ᠭᠠᠷᠭᠠᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠢᠲᠡᠭᠡᠯ ᠵᠣᠷᠢᠭ ᠢ ᠬᠥᠪᠴᠢᠯᠡᠵᠦ᠂ ᠢᠷᠡᠭᠡᠳᠦᠢ ᠪᠠᠨ ᠬᠠᠮᠲᠤ ᠪᠠᠷ ᠴᠣᠭᠴᠠᠯᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠭᠠᠷᠭᠠᠵᠤ᠂  ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠪᠦᠯᠬᠦᠮᠳᠡᠨ ᠲᠡᠮᠡᠴᠡᠭᠰᠡᠨ᠂ ᠰᠤᠷᠲᠠᠯ ᠴᠢᠬᠡᠴᠢ ᠣᠪᠣᠷ ᠲᠥᠪ ᠶᠡᠭᠡ ᠬᠤᠷᠠᠯ ᠪᠣᠯᠣᠨ᠎ᠠ᠂ ᠬᠤᠷᠠᠯ ᠤᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠨᠢ ᠯᠠᠪᠳᠠᠶ᠎ᠠ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠢ ᠤᠷᠮᠠᠰᠢᠭᠤᠯᠤᠨ ᠵᠣᠷᠢᠭᠵᠢᠭᠤᠯᠵᠤ᠂ ᠨᠡᠩ ᠡᠷᠡᠰ ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠲᠣᠭᠲᠠᠬᠤ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠳᠤ ᠢᠳᠡᠪᠬᠢᠲᠡᠢ ᠣᠷᠣᠯᠴᠠᠭᠤᠯᠬᠤ ᠪᠣᠯᠣᠨ᠎ᠠ᠃
     ᠰᠦᠨ ᠰᠢᠶᠦ᠋ᠨ᠂ 2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠪᠠᠰᠠ ᠴᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠪᠠᠶᠢᠭᠤᠯᠤᠭᠳᠠᠭᠰᠠᠨ 70 ᠵᠢᠯ ᠤᠨ ᠤᠢ ᠮᠥᠨ᠃ ᠲᠡᠦᠬᠡ ᠶᠢᠨ ᠬᠠᠭᠤᠳᠠᠰᠤ ᠶᠢ ᠡᠷᠡᠮᠡᠬᠡᠶᠢᠯᠡᠨ ᠤᠷᠤᠭᠰᠢᠯᠠᠬᠤ ᠶᠢᠨ ᠳᠤᠮᠳᠠ ᠳᠡᠯᠭᠡᠨ ᠦᠵᠡᠭᠦᠯᠦᠨ᠎ᠡ︔ ᠴᠠᠭ ᠦᠶ᠎ᠡ ᠶᠢᠨ ᠢᠷᠠᠭᠤ ᠬᠠᠭᠤᠳᠠᠰᠤ ᠶᠢ ᠦᠷᠭᠦᠯᠵᠢᠯᠡᠨ ᠲᠡᠮᠡᠴᠡᠬᠦ ᠳᠤᠮᠳᠠ ᠪᠢᠴᠢᠭᠯᠡᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ᠂ ᠴᠤᠴᠠᠯᠲᠠ ᠦᠭᠡᠢ ᠲᠡᠮᠡᠴᠡᠬᠦ ᠡᠷᠴᠢ ᠵᠣᠷᠢᠭ᠂ ᠵᠣᠷᠢᠭᠲᠠᠢ ᠪᠠᠷ ᠲᠦᠷᠦᠭᠦᠯᠡᠬᠦ ᠭᠠᠪᠰᠢᠭᠠᠶᠢᠯᠠᠬᠤ ᠡᠷᠴᠢ ᠵᠣᠷᠢᠭ᠂ ᠴᠥᠬᠦᠷᠡᠰᠢ ᠦᠭᠡᠢ ᠴᠢᠷᠮᠠᠶᠢᠬᠤ ᠡᠷᠴᠢ ᠵᠣᠷᠢᠭ ᠢᠶᠠᠷ᠂ ᠮᠠᠨ ᠤ ᠰᠢᠶᠠᠨ ᠤ ︽ᠮᠢᠩᠭᠠᠨ ᠳ᠋ᠦᠩᠰᠢᠭᠤᠷ ᠤᠨ ᠲᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ︾ ᠶᠢᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠂ ᠰᠢᠶᠠᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ︽ᠠᠷᠪᠠᠨ ᠵᠣᠷᠢᠭ ᠰᠢᠭᠤᠳᠬᠤ︾ ᠠᠵᠢᠯ ᠤᠨ ᠠᠷᠭ᠎ᠠ ᠬᠡᠮᠵᠢᠶ᠎ᠡ ᠲᠡᠰᠢ ᠡᠷᠡᠮᠡᠬᠡᠶᠢᠯᠡᠨ ᠤᠷᠤᠭᠰᠢᠯᠠᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠰᠢᠨ᠎ᠡ ᠴᠠᠭ ᠦᠶ᠎ᠡ᠂ ᠰᠢᠨ᠎ᠡ ᠠᠶᠠᠨ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠲᠣᠭᠲᠠᠬᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠵᠦ ᠵᠢᠭᠠᠵᠤ ᠭᠠᠷᠭᠠᠪᠠ᠃      ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ ᠢᠯᠠᠯᠲᠠ ᠲᠠᠢ ᠪᠠᠷ ᠲᠡᠭᠦᠰᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1