ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ 2024 ᠣᠨ ᠤ ᠬᠤᠶᠠᠷ ᠪᠠᠶᠠᠷ ᠤᠨ ᠬᠤᠭᠤᠴᠠᠭᠠᠨ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/15
      ᠰᠢᠨ᠎ᠡ ᠵᠢᠯ ᠤᠨ ᠡᠬᠢᠨ ᠳᠤ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ 2024 ᠣᠨ ᠤ ᠬᠤᠶᠠᠷ ᠪᠠᠶᠠᠷ ᠤᠨ ᠬᠤᠭᠤᠴᠠᠭᠠᠨ ᠤ ᠲᠣᠬᠤᠨᠢᠭᠤᠯᠬᠤ ᠠᠵᠢᠯᠯᠠᠭ᠎ᠠ ᠶᠢ ᠡᠬᠢᠯᠡᠭᠦᠯᠵᠡᠢ᠃      ᠨᠢᠭᠡᠳᠦᠭᠡᠷ ᠹᠷᠣᠨᠲ ᠲᠤ ᠴᠢᠷᠮᠠᠶᠢᠨ ᠠᠵᠢᠯᠯᠠᠵᠤ ᠪᠠᠶᠢᠭ᠎ᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠪᠣᠯᠣᠨ ᠭᠡᠷ ᠤᠨ ᠭᠠᠳᠠᠨᠠᠬᠢ ᠬᠥᠳᠡᠯᠮᠦᠷᠢᠴᠢᠳ ᠲᠤ ᠬᠠᠬᠢᠷ ᠬᠦᠢᠲᠡᠨ ᠡᠪᠦᠯ ᠤᠨ ᠤᠯᠠᠷᠢᠯ ᠳᠤ ᠨᠠᠮ ᠤᠨ ᠬᠠᠯᠠᠮᠵᠢᠯᠠᠯ ᠪᠣᠯᠣᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠲᠥᠯᠥᠭᠡ᠂ 1ᠳ᠋ᠤᠭᠡᠷ ᠰᠠᠷ᠎ᠠ ᠶᠢᠨ 12  ᠤᠨ ᠡᠳᠦᠷ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠪᠣᠯᠣᠨ ᠭᠡᠷ ᠤᠨ ᠭᠠᠳᠠᠨᠠᠬᠢ ᠬᠥᠳᠡᠯᠮᠦᠷᠢᠴᠢᠳ ᠢ ᠲᠣᠬᠤᠨᠢᠭᠤᠯᠵᠠᠢ᠃      ᠲᠤᠬᠠᠢ ᠶᠢᠨ ᠲᠠᠯᠠᠪᠠᠶ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠬᠡᠷᠡᠭᠴᠡᠭᠡ ᠶᠢ ᠬᠠᠯᠠᠮᠵᠢᠯᠠᠵᠤ᠂ ᠡᠭᠦᠨ ᠤ ᠬᠠᠮᠲᠤ ᠤᠯᠠᠨ ᠢ ᠬᠠᠬᠢᠷ ᠡᠪᠦᠯ ᠤᠨ ᠤᠯᠠᠷᠢᠯ ᠳᠤ ᠬᠦᠢᠲᠡᠨ ᠠᠴᠠ ᠰᠡᠷᠭᠡᠶᠢᠯᠡᠵᠦ ᠳᠤᠯᠠᠭᠠᠯᠠᠬᠤ ᠶᠢ ᠠᠩᠬᠠᠷᠴᠤ᠂ ᠶᠠᠳᠠᠷᠠᠪᠠᠯ ᠤᠮᠳᠠᠭᠠᠰᠪᠠᠯ ᠲᠠᠭᠠᠷᠠᠪᠠᠯ ᠠᠵᠢᠯᠴᠢᠨ ᠤ ᠡᠪᠯᠡᠯ ᠤᠨ ᠭᠡᠷ ᠤᠨ ᠭᠠᠳᠠᠨᠠᠬᠢ ᠬᠥᠳᠡᠯᠮᠦᠷᠢᠴᠢᠳ ᠤᠨ ᠦᠷᠳᠡᠭᠡ ᠳᠤ ᠢᠷᠡᠵᠤ ᠠᠮᠠᠷᠠᠨ ᠤᠰᠤ ᠤᠤᠭᠤᠵᠤ ᠪᠡᠶ᠎ᠡ ᠪᠠᠨ ᠳᠤᠯᠠᠭᠠᠯᠠᠵᠤ᠂ ᠠᠮᠤᠷ ᠲᠦᠪᠰᠢᠨ ᠢᠶᠠᠷ ᠠᠵᠢᠯᠯᠠᠵᠤ᠂ ᠵᠦᠢ ᠵᠣᠬᠢᠰᠲᠠᠢ ᠠᠵᠢᠯᠯᠠᠵᠤ ᠠᠮᠠᠷᠠᠬᠤ ᠶᠢ ᠪᠠᠷᠢᠮᠲᠠᠯᠠᠬᠤ ᠶᠢᠨ ᠬᠠᠮᠲᠤ ᠬᠤᠳᠠ ᠶᠢᠨ ᠠᠷᠢᠭᠤᠨ ᠴᠡᠪᠡᠷ᠂ ᠦᠵᠡᠰᠬᠦᠯᠡᠩᠲᠦ ᠰᠠᠶᠢᠬᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠳ ᠤᠨ ᠭᠤᠶᠤ ᠰᠠᠶᠢᠬᠠᠨ ᠪᠠᠷ᠎ᠠ ᠠᠴᠠ ᠰᠠᠯᠵᠤ ᠴᠢᠳᠠᠬᠤ ᠦᠭᠡᠢ ᠭᠡᠳᠡᠭ ᠢ ᠢᠯᠡᠳᠬᠡᠵᠦ᠂ ᠲᠡᠳᠡᠨ ᠤ ᠰᠢᠷᠭᠠᠭᠤ ᠬᠥᠳᠡᠯᠮᠦᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠲᠣᠬᠤᠨᠢᠭᠤᠯᠬᠤ ᠪᠣᠳᠠᠰ ᠬᠦᠷᠭᠡᠪᠡ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠦᠷᠭᠦᠯᠵᠢᠯᠡᠨ ᠠᠵᠢᠯᠴᠢᠨ ᠤ ᠡᠪᠯᠡᠯ ᠤᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠵᠤ᠂ ᠠᠵᠢᠯᠴᠢᠨ ᠤ ᠡᠪᠯᠡᠯ ᠤᠨ ︽ᠡᠪᠦᠯ ᠤᠨ ᠤᠯᠠᠷᠢᠯ ᠳᠤ ᠬᠠᠶᠢᠷ᠎ᠠ ᠬᠠᠯᠠᠮᠵᠢ ᠬᠦᠷᠭᠡᠬᠦ︾ ᠲᠦᠷᠦᠯ ᠲᠡᠮᠳᠡᠭ ᠤᠨ ᠦᠢᠯᠡᠴᠢᠯᠡᠭᠡ ᠶᠢ ᠰᠠᠶᠢᠲᠤᠷ ᠬᠢᠵᠦ᠂ ᠡᠮᠦᠨ᠎ᠡ ᠹᠷᠣᠨᠲ ᠤᠨ ᠠᠵᠢᠯᠲᠠᠨ ᠠᠵᠢᠯᠴᠢᠨ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠴᠢᠨ ᠤ ᠡᠪᠯᠡᠯ ᠤᠨ ᠭᠡᠷ ᠤᠨ ᠭᠠᠳᠠᠨᠠᠬᠢ ᠬᠥᠳᠡᠯᠮᠦᠷᠢᠴᠢᠨ ᠤ ᠦᠷᠳᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠠᠵᠢᠯᠲᠠᠨ ᠠᠵᠢᠯᠴᠢᠨ ᠳᠤ ᠠᠵᠢᠯᠴᠢᠨ ᠤ ᠡᠪᠯᠡᠯ ᠤᠨ ︽ᠲᠥᠷᠬᠦᠮ ᠤᠨ ᠬᠥᠮᠥᠰ︾ ᠤᠨ ᠬᠠᠶᠢᠷ᠎ᠠ ᠬᠠᠯᠠᠮᠵᠢ ᠶᠢ ᠬᠦᠷᠲᠡᠭᠡᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1