ᠲᠣᠭᠲᠠᠬᠤ ᠰᠢᠶᠠᠨ ᠰᠢᠨᠵᠢᠯᠡᠭᠡᠨ ᠤ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/1/18
      ᠳᠡᠭᠡᠳᠦ ᠱᠠᠲᠤᠨ ᠤ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠪᠠᠭᠠᠰᠬᠠᠬᠤ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠮᠠᠨ ᠤ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠶᠢᠨ ᠲᠥᠯᠥᠭᠡ᠂ 1 ᠳ᠋ᠤᠭᠡᠷ ᠰᠠᠷ᠎ᠠ ᠶᠢᠨ 15 ᠤ ᠡᠳᠦᠷ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠭᠠᠯ ᠤᠨᠲᠠᠷᠠᠭᠠᠬᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠮᠠᠨ ᠤ ᠰᠢᠶᠠᠨ ᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠳᠤ ᠭᠡᠨᠡᠳᠲᠡ ᠶᠢᠨ ᠪᠠᠶᠢᠴᠠᠭᠠᠯᠲᠠ ᠬᠢᠪᠡ᠃
     ᠪᠠᠶᠢᠴᠠᠭᠠᠬᠤ ᠳᠤᠭᠤᠶᠢᠯᠠᠩ ᠤᠨ ᠬᠢᠨ ᠡᠮᠦᠨ᠎ᠡ ᠬᠤᠶᠢᠨ᠎ᠠ ᠸᠠᠨ ᠰᠢᠩ  ᠱᠧᠨ ᠮᠦᠸᠧ᠂ ᠢᠦᠢ ᠳ᠋ᠦᠸᠧ᠂ ᠬᠤᠩ ᠶᠤᠸᠠᠨ᠂ ᠲᠢᠶᠠᠨ ᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠬᠦᠷᠴᠦ᠂ ᠵᠢᠭᠠᠨ ᠰᠤᠷᠭᠠᠯᠲᠠ᠂ ᠭᠠᠯ ᠰᠡᠷᠭᠡᠶᠢᠯᠡᠬᠦ ᠠᠮᠤᠷ ᠲᠦᠪᠰᠢᠨ ᠤ ᠬᠡᠮ ᠰᠣᠭᠤᠭ ᠢ ᠵᠢᠷᠤᠮᠵᠢᠭᠤᠯᠬᠤ ᠵᠡᠷᠭᠡ ᠠᠵᠢᠯ ᠤᠨ ᠲᠣᠭᠤᠷᠢᠨ ᠳᠤ ᠲᠤᠰᠬᠠᠢ ᠰᠡᠳᠦᠪᠲᠦ ᠪᠠᠶᠢᠴᠠᠭᠠᠯᠲᠠ ᠬᠢᠵᠡᠢ᠃ ᠪᠠᠶᠢᠴᠠᠭᠠᠭᠰᠠᠨ ᠪᠠᠶᠢᠳᠠᠯ ᠨᠢ ᠶᠡᠷᠦᠩᠬᠡᠢ ᠳᠡᠭᠡᠨ ᠨᠡᠯᠢᠶᠡᠳ ᠰᠠᠶᠢᠨ ᠪᠠᠶᠢᠵᠤ᠂ ᠪᠠᠶᠢᠭᠤᠯᠤᠮᠵᠢ ᠳᠤ ᠲᠣᠭᠲᠠᠭᠠᠯ   ᠠᠴᠠ ᠵᠥᠷᠢᠴᠡᠭᠰᠡᠨ ᠪᠤᠯᠪᠠᠰᠤᠷᠠᠯ ᠤᠨ ᠦᠶᠯᠡ ᠠᠵᠢᠯᠯᠠᠭ᠎ᠠ ᠪᠠᠶᠢᠬᠤ ᠦᠭᠡᠢ᠃ ᠡᠭᠦᠨ ᠳᠤ᠂ ᠲᠢᠶᠠᠨ ᠢ ᠤᠷᠠᠯᠢᠭ ᠤᠨ ᠪᠤᠯᠪᠠᠰᠤᠷᠠᠯ ᠤᠨ ᠪᠠᠶᠢᠭᠤᠯᠤᠮᠵᠢ ᠳᠤ ᠲᠣᠭᠲᠠᠭᠠᠯ   ᠠᠴᠠ ᠵᠥᠷᠢᠴᠡᠨ ᠠᠮᠤᠷ ᠲᠦᠪᠰᠢᠨ ᠤ ᠡᠭᠦᠳᠡ ᠶᠢ ᠪᠢᠲᠡᠭᠦᠮᠵᠢᠯᠡᠭᠰᠡᠨ ᠪᠠᠶᠢᠳᠠᠯ ᠭᠠᠷᠤᠭᠰᠠᠨ ᠪᠣᠯᠬᠤᠷ ᠪᠠᠶᠢᠴᠠᠭᠠᠬᠤ ᠳᠤᠭᠤᠶᠢᠯᠠᠩ ᠤᠨ ᠬᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠲᠤᠬᠠᠢ  ᠶᠢᠨ ᠲᠠᠯᠠᠪᠠᠶ ᠳᠤ ᠮᠡᠳᠡᠭᠳᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠠᠶ ᠳᠤ ᠳᠠᠷᠤᠶᠢᠬᠠᠨ ᠴᠡᠭᠴᠡᠯᠡᠨ ᠥᠭᠡᠷᠡᠴᠢᠯᠡᠬᠦ ᠬᠡᠷᠡᠭᠲᠡᠢ ᠭᠡᠵᠦ ᠱᠠᠭᠠᠷᠳᠠᠵᠠᠢ᠃
     ᠡᠭᠦᠨ ᠤ ᠵᠡᠷᠭᠡ ᠳᠤ᠂ ᠪᠠᠶᠢᠴᠠᠭᠠᠬᠤ ᠳᠤᠭᠤᠶᠢᠯᠠᠩ ᠠᠴᠠ ᠡᠯ᠎ᠡ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ︽ᠬᠤᠶᠠᠷ ᠢ ᠬᠠᠰᠤᠬᠤ︾ ᠲᠣᠭᠲᠠᠭᠠᠯ ᠢ ᠴᠢᠩᠭ᠎ᠠ ᠵᠢᠷᠤᠮᠯᠠᠵᠤ᠂ ᠨᠠᠶᠢᠳᠠᠨ ᠬᠠᠮᠢᠶᠠᠷᠤᠭᠤᠯᠬᠤ ᠲᠥᠷᠥᠯ᠂ ᠰᠢᠨᠵᠢᠯᠡᠭᠡᠨ ᠤ ᠰᠠᠯᠠᠭᠠᠨ ᠤ ᠪᠤᠰᠤ ᠲᠥᠷᠥᠯ ᠤᠨ ᠪᠠᠶᠢᠭᠤᠯᠤᠮᠵᠢ ᠶᠢᠨ ︽ᠬᠠᠵᠠᠭᠤ ᠠᠴᠠ ᠨᠢ ᠱᠦᠷᠭᠦᠭᠡᠬᠦ︾ ᠮᠠᠶ᠋ᠢᠭ ᠢᠶᠠᠷ ᠰᠢᠨᠵᠢᠯᠡᠭᠡᠨ ᠤ ᠰᠠᠯᠠᠭᠠᠨ ᠤ ᠲᠥᠷᠥᠯ ᠤᠨ ᠪᠤᠯᠪᠠᠰᠤᠷᠠᠯ ᠥᠷᠨᠢᠭᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠂ ᠬᠡᠷᠪᠡ ᠨᠠᠶᠢᠳᠠᠨ ᠬᠠᠮᠢᠶᠠᠷᠤᠭᠤᠯᠬᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠲᠠᠢ ᠪᠠᠶᠢᠪᠠᠯ᠂ ᠭᠠᠯ ᠤᠨᠲᠠᠷᠠᠭᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠷᠤᠮᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠠᠷ ᠴᠥᠮ ᠭᠥᠯᠢᠶᠡᠨ ᠠᠪᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠡᠵᠡᠩᠨᠡᠯᠲᠡ ᠥᠷᠨᠢᠭᠦᠯᠬᠦ ᠪᠠᠷ ᠠᠮᠠᠯᠠᠭᠰᠠᠨ ᠪᠠᠶᠢᠨ᠎ᠠ᠃
      ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ ᠪᠥᠬᠦ ᠰᠢᠶᠠᠨ ᠤ ᠡᠯ᠎ᠡ ᠰᠢᠨᠵᠢᠯᠡᠭᠡᠨ ᠤ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠵᠢᠷᠤᠮᠵᠢᠭᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠲᠣᠭᠲᠠᠭᠠᠯ ᠠᠴᠠ ᠵᠥᠷᠢᠴᠡᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠥᠷᠨᠢᠭᠦᠯᠬᠦ ᠶᠢ ᠴᠢᠩᠭ᠎ᠠ ᠴᠠᠭᠠᠵᠠᠯᠠᠵᠤ᠂ ᠰᠢᠨᠵᠢᠯᠡᠭᠡᠨ ᠤ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠃
     ᠲᠠᠷᠠᠭᠠᠴᠢ ᠶᠢᠨ ᠠᠯᠬᠤᠮ ᠳᠤ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠦᠷᠭᠦᠯᠵᠢᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠭᠡᠨ ᠤ ᠰᠠᠯᠠᠭ᠎ᠠ ᠶᠢᠨ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠨ᠂ ᠬᠡᠪ ᠤᠨ ᠰᠢᠪᠠᠳᠠᠨ ᠪᠠᠶᠢᠴᠠᠭᠠᠯᠲᠠ ᠪᠠ ᠱᠠᠯᠠᠪᠳᠠᠨ ᠪᠠᠶᠢᠴᠠᠭᠠᠬᠤ ᠶᠢ ᠤᠶᠠᠯᠳᠤᠭᠤᠯᠬᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠬᠤ ᠵᠡᠷᠭᠡ ᠬᠡᠯᠪᠡᠷᠢ ᠪᠠᠷ ᠰᠢᠨᠵᠢᠯᠡᠭᠡᠨ ᠤ ᠰᠠᠯᠠᠭ᠎ᠠ ᠶᠢᠨ ᠪᠤᠰᠤ ᠲᠥᠷᠥᠯ ᠤᠨ ᠪᠤᠯᠪᠠᠰᠤᠷᠠᠯ ᠤᠨ ᠪᠠᠶᠢᠭᠤᠯᠤᠮᠵᠢ ᠶᠢᠨ ᠪᠤᠯᠪᠠᠰᠤᠷᠠᠯ ᠤᠨ ᠦᠶᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠡᠷ ᠤᠨ ᠠᠬᠠᠮᠠᠳ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠥᠵᠢᠭᠦᠯᠬᠦ ᠦᠵᠡᠯᠲᠡ᠂ ᠰᠤᠷᠭᠠᠨ ᠬᠥᠮᠦᠵᠢᠯ ᠤᠨ ᠦᠵᠡᠯᠲᠡ᠂ ᠴᠢᠳᠠᠪᠤᠷᠢᠲᠠᠨ ᠪᠣᠯᠬᠤ ᠦᠵᠡᠯᠲᠡ ᠶᠢ ᠪᠣᠶ ᠪᠣᠯᠭᠠᠵᠤ᠂ ᠣᠶᠤᠨᠴᠢ ᠪᠠᠷ ᠬᠠᠨᠳᠤᠵᠤ᠂ ᠪᠣᠯᠭᠤᠮᠵᠢᠲᠠᠢ ᠰᠣᠩᠭᠤᠵᠤ᠂ ᠡᠯ᠎ᠡ ᠲᠥᠷᠥᠯ ᠤᠨ ᠪᠤᠯᠪᠠᠰᠤᠷᠠᠯ ᠢ ᠰᠣᠬᠤᠷ ᠪᠠᠯᠠᠢ ᠪᠠᠷ ᠳᠠᠭᠠᠵᠤ ᠠᠩᠭᠢ ᠳᠤ ᠨᠡᠷ᠎ᠡ ᠮᠡᠳᠡᠭᠦᠯᠬᠦ ᠦᠭᠡᠢ ᠪᠠᠶᠢᠵᠤ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠢ ᠶᠢ ᠬᠠᠮᠲᠤ ᠪᠠᠷ ᠪᠣᠶ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ᠂ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1