ᠵᠤᠤ ᠯᠧ ᠵᠢᠢ ᠸᠠᠩ ᠬᠤ᠋ ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠵᠤ ᠼᠠᠢ ᠴᠢ ᠬᠤᠷᠠᠯ ᠢ | ᠡᠷᠬᠢᠯᠡᠵᠡᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 16 ᠤ ᠴᠠᠬᠢᠯᠭᠠᠨ ᠮᠡᠳᠡᠭᠡ ᠮᠤᠵᠢ ᠶᠠᠮᠤᠨ ᠤ ᠲᠠᠰ ᠤᠨ | ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ | ᠰᠡᠳᠦᠪᠲᠦ ᠰᠤᠳᠤᠯᠤᠨ ᠶᠠᠷᠢᠯᠴᠠᠬᠤ ᠠᠩᠭᠢ 16 ᠤ ᠡᠳᠦᠷ ᠤᠨ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ︵ | ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ | ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠨᠢ ᠣᠳᠣ ᠦᠶ᠎ᠡ ᠶᠢᠨ ᠮᠥᠩᠭᠦᠨ ᠭᠦᠢᠯᠭᠡᠭᠡᠨ ᠤ | ᠬᠥᠭᠵᠢᠯᠲᠡ ᠶᠢᠨ ᠪᠤᠰᠤᠳᠴᠢ ᠵᠢᠮ᠎ᠡ ᠶᠣᠰᠣ ᠶᠢ ᠵᠢᠷᠤᠮᠯᠠᠳᠠᠭ ᠪᠥᠭᠡᠳ ᠨᠡᠩ ᠴᠦ ᠮᠠᠨ ᠤ ᠤᠯᠤᠰ ᠤᠨ ᠪᠠᠶᠢᠳᠠᠯ ᠳᠤ | ᠲᠣᠬᠢᠷᠠᠭᠰᠠᠨ ᠢᠯᠡ ᠲᠣᠳᠣ ᠣᠨᠴᠠᠯᠢᠭ ᠲᠠᠢ ᠪᠠᠶᠢᠵᠤ᠂ ᠥᠷᠥᠨᠡᠳᠠᠬᠢᠨ ᠤ ᠮᠥᠩᠭᠦᠨ ᠭᠦᠢᠯᠭᠡᠭᠡᠨ ᠤ ᠵᠠᠭᠪᠤᠷ ᠲᠠᠢ ᠮᠥᠨ | ᠴᠢᠨᠠᠷ ᠤᠨ ᠢᠯᠭᠠᠭ᠎ᠠ ᠲᠠᠢ ᠪᠠᠶᠢᠳᠠᠭ᠃ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠦᠢᠯᠡᠳᠦᠯᠭᠡ ᠶᠢᠨ ᠳᠤᠮᠳᠠ | ᠦᠷᠭᠦᠯᠵᠢᠯᠡᠨ ᠰᠦᠪᠡᠭᠴᠢᠯᠡᠨ ᠲᠡᠭᠦᠯᠳᠡᠷᠵᠢᠭᠦᠯᠵᠦ᠂ ᠡᠨᠡ ᠬᠦ ᠵᠠᠮ ᠢ ᠶᠠᠪᠤᠬᠤ ᠲᠤᠳᠤᠮ ᠥᠷᠭᠡᠨ ᠳᠠᠷᠳᠠᠩ ᠪᠣᠯᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠵᠣᠣ ᠯᠧ ᠵᠢᠢ᠂ | ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠰᠤᠷᠤᠯᠭ᠎ᠠ ᠡᠬᠢᠯᠡᠬᠦ | ᠶᠣᠰᠣᠯᠠᠯ ᠳᠤ ᠣᠷᠣᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ ᠼᠠᠢ ᠴᠢ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃ | | | | | 1 ᠰᠠᠷ᠎ᠠ ᠶᠢᠨ 16 ᠤ ᠡᠳᠦᠷ᠂ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ | ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ | ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ | | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠰᠢᠨ᠎ᠡ ᠴᠠᠭ ᠦᠶ᠎ᠡ ᠶᠢᠨ | ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠮ᠎ᠡ ᠶᠣᠰᠣ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠮᠥᠩᠭᠦᠨ ᠭᠦᠢᠯᠭᠡᠭᠡᠨ ᠤ ᠮᠥᠨ ᠴᠢᠨᠠᠷ ᠤᠨ ᠲᠤᠬᠠᠢ ᠲᠠᠨᠢᠯᠲᠠ ᠪᠠᠨ | ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠦᠢᠯᠡᠳᠦᠯᠭᠡ ᠶᠢᠨ ᠰᠢᠨ᠎ᠡ ᠡᠭᠦᠳᠦᠯᠲᠡ᠂ ᠣᠨᠣᠯ ᠤᠨ | ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢ ᠲᠠᠰᠤᠷᠠᠯᠲᠠ ᠦᠭᠡᠢ ᠠᠬᠢᠭᠤᠯᠵᠤ᠂ ᠡᠷᠬᠢᠮ ᠨᠠᠨᠳᠢᠨ | ᠲᠤᠷᠰᠢᠯᠭ᠎ᠠ ᠬᠤᠷᠠᠮᠳᠤᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ | ᠵᠠᠮ ᠢᠶᠠᠷ ᠠᠯᠭᠤᠷ ᠵᠠᠮᠨᠠᠪᠠ᠂ ᠡᠨᠡ ᠨᠢ ᠳᠠᠷᠤᠢ᠄ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠥᠷᠲᠡᠭ ᠤᠨ | ᠬᠠᠨᠳᠤᠯᠭ᠎ᠠ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠠᠷ | ᠦᠨᠳᠦᠰᠦᠨ ᠵᠣᠷᠢᠯᠲᠠ ᠪᠠᠨ ᠪᠣᠯᠭᠠᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠷ ᠮᠥᠩᠭᠦᠨ | ᠭᠦᠢᠯᠭᠡᠭᠡᠨ ᠤ ᠠᠵᠢᠯ ᠤᠨ ᠮᠥᠩᠬᠡ ᠶᠢᠨ ᠭᠤᠣᠯ ᠰᠡᠳᠦᠪ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠯᠲᠡ | ᠬᠠᠤᠯᠢᠵᠢᠯᠲᠠ ᠶᠢᠨ ᠵᠠᠮ ᠢᠶᠠᠷ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ | ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠨᠡᠭᠡᠭᠡᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠬᠦ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠲᠠᠯᠠᠨ᠎ᠠ᠃ ᠡᠨᠡ ᠬᠡᠳᠦᠨ ᠵᠤᠷᠪᠤᠰ ᠨᠢ ᠰᠢᠨ᠎ᠡ ᠴᠠᠭ ᠦᠶ᠎ᠡ ᠰᠢᠨ᠎ᠡ ᠠᠶᠠᠨ ᠳᠤ ᠮᠥᠩᠭᠦᠨ ᠭᠦᠢᠯᠭᠡᠭᠡᠨ ᠤ | ᠠᠵᠢᠯ ᠢ ᠬᠡᠷᠬᠢᠨ ᠦᠵᠡᠬᠦ᠂ ᠬᠡᠷᠬᠢᠨ ᠬᠢᠬᠦ ᠶᠢ ᠲᠣᠳᠣᠷᠬᠠᠶᠢᠯᠠᠵᠤ᠂ ᠡᠨᠡ ᠨᠢ ᠳᠤᠮᠳᠠᠳᠤ ᠤᠯᠤᠰ ᠤᠨ ᠣᠨᠴᠠᠯᠢᠭ ᠲᠠᠢ | ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠤᠨ ᠦᠨᠳᠦᠰᠦᠨ ᠵᠣᠭᠰᠣᠯᠲᠠ᠂ ᠦᠵᠡᠯᠲᠡ᠂ ᠠᠷᠭ᠎ᠠ ᠶᠢ ᠢᠯᠡᠷᠡᠭᠦᠯᠦᠭᠰᠡᠨ | ᠣᠷᠭᠠᠨᠢᠭ ᠪᠦᠬᠦᠯᠢ ᠴᠣᠭᠴᠠ ᠪᠣᠯᠣᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠨᠢ ᠬᠦᠴᠦᠷᠬᠡᠭ ᠶᠡᠭᠡ ᠠᠵᠤ ᠠᠬᠤᠢ ᠶᠢᠨ | ᠰᠠᠭᠤᠷᠢ ᠳᠤ ᠰᠠᠭᠤᠷᠢᠯᠠᠵᠤ᠂ ᠳᠡᠯᠡᠬᠡᠢ ᠶᠢᠨ ᠲᠡᠷᠢᠭᠦᠨ ᠤ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠣᠳᠠᠲᠤ ᠬᠦᠴᠦᠨ ᠪᠠ ᠶᠡᠷᠦᠩᠬᠡᠶᠢᠯᠡᠭᠰᠡᠨ ᠤᠯᠤᠰ ᠤᠨ ᠬᠦᠴᠦᠨ ᠲᠠᠢ ᠪᠠᠶᠢᠬᠤ ᠪᠥᠭᠡᠳ ᠠᠯᠢ ᠣᠯᠠᠨ | ᠵᠠᠩᠭᠢᠯᠠᠭ᠎ᠠ ᠶᠢᠨ ᠭᠤᠣᠯ ᠪᠣᠯᠬᠤ ᠮᠥᠩᠭᠦᠨ ᠭᠦᠢᠯᠭᠡᠭᠡᠨ ᠤ ᠬᠦᠴᠦᠨ ᠵᠦᠢᠯ ᠢ ᠪᠦᠷᠢᠯᠳᠦᠭᠦᠯᠬᠦ ᠬᠡᠷᠡᠭᠲᠡᠢ᠂ ᠲᠤᠬᠠᠶᠢᠯᠠᠪᠠᠯ᠄ | ᠬᠦᠴᠦᠷᠬᠡᠭ ᠶᠡᠭᠡ ᠵᠣᠭᠤᠰ᠂ ᠬᠦᠴᠦᠷᠬᠡᠭ ᠶᠡᠭᠡ ᠲᠥᠪ ᠪᠠᠩᠬᠢ᠂ ᠬᠦᠴᠦᠷᠬᠡᠭ ᠶᠡᠭᠡ ᠮᠥᠩᠭᠦᠨ ᠭᠦᠢᠯᠭᠡᠭᠡᠨ ᠤ | ᠪᠠᠶᠢᠭᠤᠯᠤᠮᠵᠢ᠂ ᠬᠦᠴᠦᠷᠬᠡᠭ ᠶᠡᠭᠡ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ᠂ ᠬᠦᠴᠦᠷᠬᠡᠭ ᠶᠡᠭᠡ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠡᠩᠨᠡᠭᠡ ᠪᠣᠯᠣᠨ᠎ᠠ᠃ | ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠤᠷᠳᠤ ᠬᠤᠭᠤᠴᠠᠭ᠎ᠠ ᠪᠠᠷ ᠴᠢᠷᠮᠠᠶᠢᠵᠤ᠂ | ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠡᠷᠬᠡᠪᠰᠢ ᠳᠤᠮᠳᠠᠳᠤ ᠤᠯᠤᠰ ᠤᠨ | ᠣᠨᠴᠠᠯᠢᠭ ᠲᠠᠢ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠰᠢᠨᠵᠢᠯᠡᠬᠦ | ᠤᠬᠠᠭᠠᠨᠴᠢ ᠪᠥᠭᠡᠳ ᠯᠠᠪᠳᠠᠭᠤᠨ ᠲᠣᠭᠲᠠᠭᠤᠨ ᠮᠥᠩᠭᠦᠨ ᠭᠦᠢᠯᠭᠡᠭᠡᠨ ᠤ ᠡᠵᠡᠮᠳᠡᠯ ᠲᠣᠬᠢᠷᠠᠭᠤᠯᠭ᠎ᠠ ᠶᠢᠨ ᠰᠢᠰᠲ᠋ᠧᠮ᠂ | ᠪᠦᠲᠦᠴᠡ ᠨᠢ ᠵᠦᠢ ᠵᠣᠬᠢᠰᠲᠠᠢ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠰᠢᠰᠲ᠋ᠧᠮ᠂ ᠠᠵᠢᠯ ᠬᠤᠪᠢᠶᠠᠷᠢᠯᠠᠨ | ᠬᠠᠮᠵᠢᠯᠴᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠰᠲ᠋ᠧᠮ᠂ ᠪᠦᠷᠢᠨ ᠲᠡᠭᠦᠯᠳᠡᠷ ᠪᠦᠲᠦᠮᠵᠢᠲᠡᠶ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ᠂ ᠤᠯᠠᠨ ᠶᠠᠩᠵᠤᠲᠤ ᠲᠤᠰᠬᠠᠢ ᠮᠡᠷᠭᠡᠵᠢᠯ ᠤᠨ ᠴᠢᠨᠠᠷᠲᠠᠢ ᠮᠥᠩᠭᠦᠨ | ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠰᠢᠰᠲ᠋ᠧᠮ᠂ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠠᠮᠤᠷ | ᠲᠦᠪᠰᠢᠨ ᠪᠥᠭᠡᠳ ᠥᠨᠳᠥᠷ ᠪᠦᠲᠦᠮᠵᠢᠲᠡᠶ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ | ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠢᠯᠠᠩᠭᠤᠶ᠎ᠠ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ︽ | ᠥᠷᠭᠡᠰᠦ ᠰᠢᠪᠦᠭᠡ ᠲᠠᠢ︾᠂ ᠥᠨᠴᠥᠭ ᠪᠤᠯᠤᠩ ᠲᠠᠢ ᠪᠠᠶᠢᠬᠤ ᠶᠢᠨ ᠵᠠᠩᠭᠢᠯᠠᠭ᠎ᠠ ᠨᠢ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ | ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠮᠵᠢᠯᠴᠠᠭ᠎ᠠ ᠪᠠᠨ ᠴᠢᠩᠭᠠᠳᠬᠠᠬᠤ ᠳᠤ ᠪᠠᠶᠢᠨ᠎ᠠ᠃ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ᠂ ᠬᠢᠨᠠᠭᠤᠷ ᠪᠣᠯᠭᠤᠮᠵᠢᠲᠠᠢ ᠪᠠᠷ ᠬᠢᠨᠠᠨ ᠬᠠᠮᠢᠶᠠᠷᠬᠤ᠂ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ | ᠵᠡᠷᠭᠡ ᠡᠯ᠎ᠡ ᠭᠤᠭᠴᠤᠭ᠎ᠠ ᠳᠤ ᠴᠥᠮ ᠬᠠᠤᠯᠢ ᠶᠢ ᠴᠢᠩᠭ᠎ᠠ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢ ᠬᠥᠨᠳᠡᠯᠡᠨ ᠠᠴᠠ ᠬᠥᠪᠡᠭᠡ ᠬᠢᠵᠠᠭᠠᠷ ᠬᠦᠷᠲᠡᠯ᠎ᠡ᠂ ᠭᠤᠯᠳᠤ ᠠᠴᠠ ᠡᠴᠦᠰ ᠲᠤᠨᠢ ᠲᠤᠯᠲᠠᠯ᠎ᠠ ᠬᠢᠬᠦ ᠶᠢ | ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠨᠢᠭᠡ ᠣᠷᠣᠨ ᠪᠦᠰᠡ ᠳᠤ ᠰᠠᠭᠤᠷᠢᠯᠠᠨ ᠪᠦᠬᠦ ᠲᠠᠯ᠎ᠠ ᠶᠢ ᠪᠣᠳᠣᠯᠬᠢᠯᠠᠵᠤ᠂ | ᠬᠠᠷᠢᠶ᠎ᠠ ᠣᠷᠣᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠪᠠ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ᠃ ᠲᠦᠭᠰᠢᠭᠦᠷᠢ ᠶᠢ ᠰᠢᠢᠳᠪᠦᠷᠢᠯᠡᠬᠦ ᠶᠠᠪᠤᠴᠠ ᠳᠤ ᠢᠯᠵᠠᠷᠠᠯ ᠢ ᠡᠷᠡᠰ ᠵᠠᠯᠬᠠᠭᠠᠨ ᠰᠢᠢᠳᠭᠡᠵᠦ᠂ | ᠶᠣᠰᠣ ᠮᠣᠷᠠᠯ ᠤᠨ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ | ᠪᠣᠯ ᠰᠢᠰᠲ᠋ᠧᠮᠲᠦ ᠢᠨᠵᠧᠨᠧᠷᠢᠩ ᠮᠥᠨ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠤᠷᠸ᠎ᠠ | ᠡᠵᠡᠮᠳᠡᠯ ᠲᠣᠬᠢᠷᠠᠭᠤᠯᠭ᠎ᠠ ᠶᠢᠨ ᠰᠠᠯᠠᠭ᠎ᠠ ᠮᠥᠴᠢᠷ᠂ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ | ᠬᠠᠤᠯᠢ ᠴᠠᠭᠠᠵᠠ ᠶᠢᠨ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠵᠡᠷᠭᠡ ᠳᠤ ᠴᠥᠮ | ᠬᠠᠷᠠᠭᠠᠯᠵᠠᠭᠰᠠᠨ ᠡᠭᠦᠷᠭᠡ ᠬᠠᠷᠢᠭᠤᠴᠠᠯᠭ᠎ᠠ ᠲᠠᠢ᠂ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠡᠷᠬᠡ | ᠬᠠᠷᠢᠭᠤᠴᠠᠯᠭ᠎ᠠ ᠨᠢᠭᠡᠳᠦᠯᠲᠡᠢ ᠪᠠᠶᠢᠬᠤ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠣᠭᠲᠠᠴᠠ ᠶᠢ ᠪᠦᠷᠢᠨᠰᠢᠭᠦᠯᠬᠦ | ᠬᠡᠷᠡᠭᠲᠡᠢ᠃ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠭᠠᠳᠠᠭᠰᠢ ᠨᠡᠭᠡᠭᠡᠯᠲᠡ ᠶᠢ ᠥᠷᠭᠡᠳᠬᠡᠬᠦ ᠪᠠᠷ ᠳᠠᠮᠵᠢᠨ᠂ ᠮᠠᠨ ᠤ ᠤᠯᠤᠰ ᠤᠨ ᠮᠥᠩᠭᠦᠨ | ᠭᠦᠢᠯᠭᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠣᠯᠣᠨ ᠴᠢᠳᠠᠪᠤᠷᠢ ᠶᠢ ᠳᠡᠭᠡᠭᠰᠢᠯᠡᠭᠦᠯᠵᠦ᠂ | ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠪᠣᠯᠣᠨ ᠳᠦᠷᠢᠮ ᠤᠨ ᠨᠥᠯᠥᠭᠡᠯᠡᠬᠦ ᠬᠦᠴᠦᠨ ᠢ ᠴᠢᠩᠭᠠᠳᠬᠠᠵᠤ᠂ ᠠᠶᠢᠵᠠᠮ ᠪᠠ | ᠡᠷᠴᠢᠮ ᠢ ᠯᠠᠪᠳᠠᠭᠤᠨ ᠪᠣᠯᠭᠤᠮᠵᠢᠲᠠᠢ ᠡᠵᠡᠮᠳᠡᠬᠦ ᠬᠡᠷᠡᠭᠲᠡᠢ᠃ ᠳᠦᠷᠢᠮ ᠤᠨ ᠬᠡᠯᠪᠡᠷᠢ ᠶᠢᠨ ᠨᠡᠭᠡᠭᠡᠯᠲᠡ ᠪᠠᠷ ᠭᠤᠣᠯᠳᠠᠯᠭ᠎ᠠ | ᠪᠣᠯᠭᠠᠨ ᠮᠥᠩᠭᠦᠨ ᠭᠦᠢᠯᠭᠡᠭᠡᠨ ᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠴᠠ ᠡᠮᠦᠨᠡᠬᠢ ᠤᠯᠤᠰ ᠠᠷᠠᠳ ᠤᠨ ᠬᠠᠷᠠᠭᠠᠯᠵᠠᠯ ᠪᠣᠯᠣᠨ ᠨᠠᠵᠠᠭᠠᠢ ᠲᠠᠯ᠎ᠠ ᠶᠢᠨ | ᠨᠠᠷᠢᠨ ᠳᠠᠩᠰᠠ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠯᠠᠨ ᠤᠯᠤᠰ ᠤᠨ ᠥᠨᠳᠥᠷ ᠪᠠᠷᠢᠮᠵᠢᠶᠠᠲᠤ | ᠠᠵᠤ ᠠᠬᠤᠢ ᠠᠷᠠᠯᠵᠢᠶᠠᠨ ᠤ ᠵᠥᠪᠯᠡᠯᠴᠡᠭᠡᠷ ᠲᠠᠬᠢ ᠮᠥᠩᠭᠦᠨ ᠭᠦᠢᠯᠭᠡᠭᠡᠨ ᠤ ᠬᠦᠷᠢᠶᠡᠨ ᠤ ᠬᠤᠯᠪᠣᠭᠳᠠᠯ ᠪᠦᠬᠦᠢ ᠳᠦᠷᠢᠮ ᠢ | ᠪᠠᠷᠢᠮᠵᠢᠶᠠᠯᠠᠨ᠂ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠴᠣᠮᠬᠠᠳᠬᠠᠵᠤ᠂ ᠨᠡᠭᠡᠭᠡᠯᠲᠡᠲᠦ ᠲᠦᠷᠦ ᠶᠢᠨ ᠪᠣᠳᠣᠯᠭ᠎ᠠ ᠶᠢᠨ | ᠢᠯᠡᠴᠡ ᠶᠢᠨ ᠬᠡᠮᠵᠢᠶ᠎ᠡ᠂ ᠲᠣᠭᠲᠠᠪᠤᠷᠢᠲᠤ ᠴᠢᠨᠠᠷ ᠪᠠ ᠵᠢᠱᠢᠵᠦ ᠪᠣᠯᠬᠤᠶᠢᠴᠠ ᠴᠢᠨᠠᠷ ᠢ ᠴᠢᠩᠭᠠᠳᠬᠠᠵᠤ᠂ ᠬᠢᠯᠢ ᠶᠢᠨ ᠭᠠᠳᠠᠨ᠎ᠠ | ᠪᠡᠯᠡ ᠣᠷᠣᠭᠤᠯᠵᠤ ᠪᠡᠯᠡ ᠬᠤᠷᠠᠯᠳᠤᠭᠤᠯᠬᠤ ᠠᠵᠢᠯᠯᠠᠭ᠎ᠠ ᠶᠢ ᠵᠢᠷᠤᠮᠵᠢᠭᠤᠯᠵᠤ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠶᠢ ᠲᠡᠭᠦᠯᠳᠡᠷᠵᠢᠭᠦᠯᠬᠦ ᠬᠡᠷᠡᠭᠲᠡᠢ᠃ | ᠬᠢᠯᠢ ᠶᠢᠨ ᠳᠣᠲᠣᠨ᠎ᠠ ᠭᠠᠳᠠᠨᠠᠬᠢ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠤᠯᠪᠣᠯᠳᠤᠨ ᠨᠡᠪᠲᠡᠷᠡᠯᠴᠡᠬᠦ ᠶᠢ | ᠴᠢᠩᠭᠠᠳᠬᠠᠵᠤ᠂ ᠬᠢᠯᠢ ᠠᠯᠤᠰᠯᠠᠭᠰᠠᠨ ᠪᠡᠯᠡ ᠣᠷᠣᠭᠤᠯᠵᠤ ᠪᠡᠯᠡ ᠬᠤᠷᠠᠯᠳᠤᠭᠤᠯᠬᠤ ᠳᠥᠭᠦᠮᠴᠢᠯᠡᠯᠲᠡ ᠶᠢᠨ ᠲᠦᠪᠰᠢᠨ ᠢ | ᠳᠡᠭᠡᠭᠰᠢᠯᠡᠭᠦᠯᠵᠦ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠳᠤ | ᠢᠳᠡᠪᠬᠢᠲᠡᠢ ᠣᠷᠣᠯᠴᠠᠬᠤ ᠬᠡᠷᠡᠭᠲᠡᠢ᠃ ᠨᠡᠭᠡᠭᠡᠯᠲᠡ ᠬᠢᠬᠦ ᠨᠥᠬᠦᠴᠡᠯ ᠳᠣᠣᠷᠠᠬᠢ ᠮᠥᠩᠭᠦᠨ ᠭᠦᠢᠯᠭᠡᠭᠡᠨ ᠤ ᠠᠮᠤᠷ | ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠥᠩᠭᠦᠨ | ᠭᠦᠢᠯᠭᠡᠭᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ᠂ ᠬᠠᠤᠯᠢᠵᠢᠯ ᠪᠣᠯᠣᠨ ᠶᠣᠰᠣ ᠰᠤᠷᠲᠠᠬᠤᠨ ᠢᠶᠠᠷ | ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ | ᠭᠦᠢᠯᠭᠡᠭᠡᠨ ᠤ ᠰᠣᠶᠣᠯ ᠢ ᠢᠳᠡᠪᠬᠢᠲᠡᠢ ᠪᠠᠷ ᠪᠤᠶᠢᠵᠢᠭᠤᠯᠵᠤ᠂ ᠦᠨᠡᠨᠴᠢ ᠢᠲᠡᠭᠡᠮᠵᠢᠲᠡᠢ ᠪᠠᠶᠢᠵᠤ᠂ ᠬᠤᠷᠢᠭ᠎ᠠ ᠱᠤᠭᠤᠮ ᠢ | ᠳᠠᠪᠠᠭ᠋ᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ︔ ᠠᠰᠢᠭ ᠬᠤᠨᠵᠢᠪᠤᠷᠢ ᠶᠢ ᠲᠥᠪ ᠰᠢᠳᠤᠷᠭᠤ ᠪᠠᠷ ᠣᠯᠵᠤ᠂ ᠠᠰᠢᠭ | ᠬᠤᠨᠵᠢᠪᠤᠷᠢ ᠳᠤ ᠰᠢᠨᠤᠵᠤ ᠪᠣᠯᠬᠤ ᠦᠭᠡᠢ︔ ᠯᠠᠪᠳᠠᠭᠤᠨ ᠪᠣᠯᠭᠤᠮᠵᠢᠲᠠᠢ ᠪᠠᠶᠢᠵᠤ᠂ ᠨᠡᠷ᠎ᠡ ᠭᠠᠪᠢᠶ᠎ᠠ ᠶᠢ ᠶᠠᠭᠠᠷᠠᠨ | ᠬᠥᠭᠡᠭᠡᠴᠡᠯᠳᠦᠵᠦ ᠪᠣᠯᠬᠤ ᠦᠭᠡᠢ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠪᠣᠳᠠᠲᠠᠢ ᠪᠠᠶᠢᠳᠠᠯ ᠠᠴᠠ ᠰᠠᠯᠵᠤ | ᠬᠡᠶᠢᠰᠪᠦᠷᠢ ᠵᠦᠢᠯ ᠢ ᠬᠥᠭᠡᠭᠡᠴᠡᠯᠳᠦᠵᠦ ᠪᠣᠯᠬᠤ ᠦᠭᠡᠢ︔ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ | ᠰᠠᠨᠠᠭ᠎ᠠ ᠪᠠᠷ ᠢᠶᠠᠨ ᠰᠠᠪᠠᠵᠤ ᠵᠢᠯᠣᠭᠤ ᠪᠠᠷ ᠢᠶᠠᠨ ᠵᠣᠳᠣᠵᠤ ᠪᠣᠯᠬᠤ ᠦᠭᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠡᠴᠦᠰ ᠲᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠮᠥᠩᠭᠦᠨ ᠭᠦᠢᠯᠭᠡᠭᠡᠨ ᠤ | ᠰᠡᠳᠬᠢᠬᠦᠢ ᠪᠣᠯᠣᠨ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠠᠨ ᠴᠢᠩᠭᠠᠳᠬᠠᠵᠤ᠂ ᠠᠵᠤ ᠠᠬᠤᠢ ᠪᠣᠯᠣᠨ | ᠮᠥᠩᠭᠦᠨ ᠭᠦᠢᠯᠭᠡᠭᠡ ᠶᠢ ᠨᠢᠭᠡ ᠬᠥᠯᠭᠡ ᠰᠢᠲᠠᠷ᠎ᠠ ᠪᠣᠯᠭᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠲᠥᠪ ᠤᠨ ᠮᠥᠩᠭᠦᠨ | ᠭᠦᠢᠯᠭᠡᠭᠡᠨ ᠤ ᠠᠵᠢᠯ ᠤᠨ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠠᠵᠤ ᠠᠬᠤᠢ ᠪᠣᠯᠣᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ | ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠼᠠᠢ ᠴᠢ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠤᠨ ᠴᠢᠬᠤᠯᠠ | ᠶᠠᠷᠢᠶ᠎ᠠ ᠨᠢ ᠦᠵᠡᠯ ᠰᠠᠨᠠᠭ᠎ᠠ ᠨᠢ ᠭᠦᠨ ᠭᠦᠨᠵᠡᠭᠡᠢ᠂ ᠬᠠᠷᠠᠭᠠᠰᠤ ᠥᠷᠭᠡᠨ᠂ ᠥᠭᠦᠯᠡᠯᠲᠡ ᠨᠡᠪᠲᠡᠷᠬᠡᠢ᠂ ᠠᠭᠤᠯᠤᠭᠳᠠᠬᠤᠨ | ᠡᠯᠪᠡᠭ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠣᠨᠣᠯ ᠤᠨ ᠴᠢᠨᠠᠷ᠂ ᠴᠢᠭᠯᠡᠭᠦᠯᠦᠯᠲᠦ ᠴᠢᠨᠠᠷ᠂ | ᠵᠢᠯᠤᠭᠤᠳᠬᠤ ᠴᠢᠨᠠᠷ ᠲᠠᠢ ᠶᠤᠮ᠂ ᠪᠦᠬᠦ ᠨᠠᠮ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷ ᠤᠨ ᠮᠠᠨ ᠤ ᠤᠯᠤᠰ ᠤᠨ ᠮᠥᠩᠭᠦᠨ | ᠭᠦᠢᠯᠭᠡᠭᠡᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠵᠥᠪ ᠲᠠᠨᠢᠬᠤ᠂ ᠮᠥᠩᠭᠦᠨ ᠭᠦᠢᠯᠭᠡᠭᠡᠨ ᠤ | ᠠᠵᠢᠯ ᠤᠨ ᠮᠥᠨ ᠴᠢᠨᠠᠷ ᠤᠨ ᠵᠢᠮ᠎ᠡ ᠶᠣᠰᠣ ᠪᠣᠯᠣᠨ ᠬᠥᠭᠵᠢᠯᠲᠡ ᠶᠢᠨ ᠵᠠᠮ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠬᠦ᠂ | ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠣᠯᠣᠨ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠪᠠᠨ ᠪᠦᠬᠦ | ᠲᠠᠯ᠎ᠠ ᠪᠠᠷ ᠴᠢᠩᠭᠠᠳᠬᠠᠬᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ | ᠭᠤᠶᠢᠪᠢᠰᠢ ᠦᠭᠡᠢ ᠵᠠᠮᠨᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ᠂ ᠭᠤᠣᠯ ᠴᠢᠮᠦᠭᠡ ᠴᠢᠬᠤᠯᠠ ᠠᠭᠤᠯᠭ᠎ᠠ ᠪᠣᠯᠣᠨ | ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ ᠡᠵᠡᠮᠰᠢᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠨᠠᠮ ᠤᠨ ᠭᠡᠰᠢᠭᠦᠨ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ | ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ ᠲᠡᠷᠢᠭᠦᠯᠡᠭᠴᠢ ᠵᠢᠴᠢ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ | ᠡᠯ᠎ᠡ ᠮᠤᠵᠢ ᠣᠷᠣᠨ ᠬᠤᠳᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ | ᠪᠦᠬᠦᠢ ᠠᠷᠠᠳ ᠤᠨ ᠪᠦᠯᠬᠦᠮ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ | ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠴᠢᠯᠦᠭᠡᠯᠡᠬᠦ ᠴᠡᠷᠢᠭ ᠤᠨ ᠡᠯ᠎ᠡ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ | ᠴᠡᠷᠢᠭ ᠠᠩᠭᠢ ᠶᠢᠨ ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃ ᠡᠯ᠎ᠡ | ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ | ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠰᠤᠷᠤᠯᠭ᠎ᠠ ᠡᠬᠢᠯᠡᠬᠦ ᠶᠣᠰᠣᠯᠠᠯ ᠳᠤ ᠰᠤᠯᠠ | ᠣᠷᠣᠯᠴᠠᠪᠠ᠃ |