ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ᠂ ᠲᠤᠭᠳᠠᠬᠤ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠬᠠᠮᠲᠤ ᠪᠠᠷ ᠤᠷᠠᠨ ᠵᠢᠷᠤᠭ ᠤᠷᠠᠨ ᠪᠢᠴᠢᠯᠭᠡ ᠶᠢᠨ  ᠴᠢᠭᠤᠯᠭᠠᠨ ᠡᠷᠭᠢᠯᠡᠪᠡ
ᠨᠡᠶᠢᠲᠡᠯᠡᠭᠰᠡᠨ ᠴᠠᠭ᠄
2024/1/2
     ᠤᠷᠠᠨ ᠪᠢᠴᠢᠯᠭᠡ ᠤᠷᠠᠨ ᠵᠢᠷᠤᠭ ᠤᠨ ᠤᠷᠠᠯᠢᠭ ᠪᠣᠯ ᠳᠤᠮᠳᠠᠳᠤ ᠤᠯᠤᠰ ᠤᠨ ᠰᠣᠶᠣᠯ ᠤᠨ ᠦᠨᠡᠲᠦ ᠡᠷᠳᠡᠨᠢ ᠪᠥᠭᠡᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠶᠤᠮ᠃ ᠰᠣᠶᠣᠯ ᠤᠨ ᠪᠠᠶᠢᠭᠤᠯᠤᠯᠲᠠ ᠶᠢᠨ ᠰᠦᠭ ᠰᠦᠨᠡᠰᠦ ᠶᠢ ᠪᠣᠶᠢᠵᠢᠭᠤᠯᠵᠤ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠤᠨ ᠬᠡᠪ ᠰᠤᠷᠲᠠᠯ ᠢ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 29 ᠤ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠪᠠᠶᠢᠴᠠᠭᠠᠬᠤ ᠬᠤᠷᠢᠶ᠎ᠠ ᠠᠴᠠ ᠲᠣᠭᠲᠠᠬᠤ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢ ᠤᠷᠢᠵᠤ ᠬᠠᠮᠲᠤ ᠪᠠᠷ ᠤᠷᠠᠨ ᠵᠢᠷᠤᠭ ᠤᠷᠠᠨ ᠪᠢᠴᠢᠯᠭᠡ ᠶᠢᠨ ᠴᠤᠭᠯᠠᠭᠠᠨ ᠡᠷᠬᠢᠯᠡᠪᠡ᠃
     ᠪᠠᠭᠰᠢ ᠨᠠᠷ ᠤᠨ ᠤᠷᠠᠨ ᠪᠦᠲᠦᠭᠡᠯ ᠨᠢ ᠤᠷᠠᠨ ᠨᠠᠷᠢᠯᠢᠭ ᠪᠥᠭᠡᠳ ᠥᠪᠡᠷ ᠥᠪᠡᠷ ᠤᠨ ᠣᠨᠴᠠᠯᠢᠭ ᠲᠠᠢ᠂ ᠭᠤᠣᠯ ᠰᠡᠳᠦᠪ ᠨᠢ ᠢᠯᠡ ᠲᠣᠳᠣ᠂ ᠬᠡᠯᠪᠡᠷᠢ ᠨᠢ ᠣᠯᠠᠨ ᠶᠠᠩᠵᠤ ᠶᠢᠨ᠂ ᠤᠯᠠᠮᠵᠢᠯᠠᠯᠲᠤ ᠬᠥᠭ ᠠᠶᠠᠰ ᠲᠠᠢ ᠪᠥᠭᠡᠳ ᠪᠦᠲᠦᠭᠡᠯᠴᠢ ᠰᠡᠳᠬᠢᠮᠵᠢ ᠪᠠᠷ ᠪᠠᠶᠠᠯᠢᠭ ᠪᠤᠯᠵᠠᠢ᠃
     ᠲᠤᠰ ᠤᠳᠠᠭᠠᠨ ᠤ ᠤᠷᠠᠨ ᠵᠢᠷᠤᠭ ᠤᠷᠠᠨ ᠪᠢᠴᠢᠯᠭᠡ ᠶᠢᠨ ᠴᠤᠭᠯᠠᠭᠠᠨ ᠨᠢ ᠳᠤᠮᠳᠠᠳᠤ ᠤᠯᠤᠰ ᠤᠨ ᠤᠷᠠᠨ ᠪᠢᠴᠢᠯᠭᠡ ᠤᠷᠠᠨ ᠵᠢᠷᠤᠭ ᠤᠨ ᠤᠷᠠᠯᠢᠭ ᠢᠶᠠᠷ ᠬᠤᠯᠪᠣᠭᠠᠰᠤ ᠪᠣᠯᠭᠠᠵᠤ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠮᠠᠰᠢ ᠣᠯᠠᠨ ᠰᠢᠯᠢᠳᠡᠭ ᠪᠠᠭᠰᠢ ᠨᠠᠷ ᠴᠤᠭᠯᠠᠷᠠᠵᠤ᠂ ᠤᠯᠠᠨ ᠳᠤ ᠬᠠᠷᠠᠭᠠᠨ ᠰᠡᠷᠡᠯ ᠪᠠ ᠤᠶᠤᠨ ᠰᠠᠨᠠᠭᠠᠨ ᠤ ᠦᠪᠡᠳᠡᠭᠰᠢ ᠨᠠᠶᠢᠷ ᠢ ᠳᠡᠯᠭᠡᠨ ᠦᠵᠡᠭᠦᠯᠵᠦ᠂ ᠪᠠᠶᠢᠴᠠᠭᠠᠬᠤ ᠠᠵᠢᠯᠲᠠᠳ ᠲᠤ ᠣᠶᠢᠷ᠎ᠠ ᠵᠠᠢ ᠠᠴᠠ ᠤᠷᠠᠨ ᠪᠢᠴᠢᠯᠭᠡ ᠤᠷᠠᠨ ᠵᠢᠷᠤᠭ ᠤᠨ ᠵᠣᠬᠢᠶᠠᠨ ᠪᠦᠲᠦᠭᠡᠯᠭᠡ ᠶᠢ ᠰᠣᠨᠢᠷᠬᠠᠬᠤ᠂ ᠲᠡᠭᠦᠨ ᠤ ᠥᠪᠡᠷᠮᠢᠴᠡ ᠷᠢᠳᠢ ᠰᠢᠳᠢ ᠶᠢ ᠪᠡᠶ᠎ᠡ ᠪᠠᠷ ᠢᠶᠠᠨ ᠣᠶᠢᠯᠠᠭᠠᠬᠤ ᠲᠣᠬᠢᠶᠠᠯ ᠣᠯᠭᠤᠵᠤ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠤᠶᠤᠨ ᠰᠠᠨᠠᠭᠠᠨ ᠤ ᠬᠥᠭᠡᠭᠡᠴᠡᠯᠳᠦᠯ ᠢ ᠤᠯᠠᠮ ᠨᠢᠭᠡ ᠠᠯᠬᠤᠮ ᠪᠤᠢ ᠪᠣᠯᠭᠠᠵᠤ᠂ ᠰᠣᠶᠣᠯ ᠤᠨ ᠤᠬᠠᠮᠰᠠᠷ ᠪᠠ ᠤᠶᠤᠨ ᠰᠠᠨᠠᠭᠠᠨ ᠤ ᠮᠡᠳᠡᠷᠡᠮᠵᠢ ᠶᠢ ᠨᠡᠮᠡᠭᠳᠡᠭᠦᠯᠦᠨ᠂ ᠪᠠᠶᠢᠴᠠᠭᠠᠬᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠳᠣᠲᠣᠭᠠᠳᠤ ᠶᠢᠨ ᠬᠥᠳᠡᠯᠭᠡᠬᠦ ᠬᠦᠴᠦᠨ ᠢ ᠨᠡᠮᠡᠷᠢᠯᠡᠭᠰᠡᠨ ᠪᠠᠶᠢᠨ᠎ᠠ᠃ ᠪᠠᠶᠢᠴᠠᠭᠠᠬᠤ ᠠᠵᠢᠯᠲᠠᠳ᠄ ︽ᠰᠣᠶᠣᠯ ᠪᠣᠯ ᠤᠯᠤᠰ ᠪᠠ ᠦᠨᠳᠦᠰᠦᠲᠡᠨ ᠤ ᠰᠦᠭ ᠰᠦᠨᠡᠰᠦ ᠮᠥᠨ᠂ ᠪᠠᠰᠠ ᠴᠤ ᠤᠯᠤᠰ ᠤᠨ ᠵᠠᠰᠠᠯᠲᠠ ᠶᠢᠨ ᠰᠦᠭ ᠰᠦᠨᠡᠰᠦ ᠮᠥᠨ᠂ ᠪᠡᠶ᠎ᠡ ᠳᠡᠭᠡᠨ ᠢᠲᠡᠭᠡᠯ ᠲᠠᠢ ᠥᠪᠡᠷ ᠢ ᠪᠠᠨ ᠬᠦᠴᠦᠷᠬᠡᠭᠵᠢᠭᠦᠯᠵᠦ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠶᠢᠨ ᠪᠠᠶᠢᠴᠠᠭᠠᠬᠤ ᠰᠣᠶᠣᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠵᠣᠷᠢᠭ ᠰᠠᠨᠠᠭᠠᠨ ᠤ ᠴᠥᠮ᠎ᠡ ᠮᠥᠨ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯᠲᠠᠳ ᠦᠨᠡᠨ ᠰᠡᠳᠬᠢᠯᠭᠡ ᠪᠠᠷ ᠢᠶᠠᠨ ᠠᠷᠠᠳ ᠤᠨ ᠰᠡᠳᠬᠢᠯ ᠢ ᠳᠤᠯᠠᠭᠠᠴᠠᠭᠤᠯᠬᠤ ᠶᠢ ᠪᠠᠷᠢᠮᠲᠠᠯᠠᠵᠤ᠂ ᠤᠶᠤᠨ ᠤᠬᠠᠭᠠᠨ ᠢᠶᠠᠷ ᠢᠶᠠᠨ ᠲᠥᠪ ᠭᠤᠣᠯᠴᠢ ᠶᠢ ᠪᠢᠴᠢᠭᠯᠡᠵᠦ᠂ ︿ᠯᠠᠪᠳᠠᠭᠤᠨ ᠪᠠᠲᠤᠲᠠᠢ﹀ ᠪᠠᠶᠢᠬᠤ ᠶᠢ ᠦᠨᠡᠨᠬᠦ ᠪᠡᠶᠡᠯᠡᠭᠦᠯᠦᠨ᠎ᠡ︕︾ ᠭᠡᠵᠦ ᠢᠯᠡᠳᠬᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1