ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/1/22
       ᠪᠤᠤ ᠭᠠᠩ ᠶᠠᠷᠢᠶ᠎ᠠ‌‍ᠲ᠋ᠠᠯᠪᠢᠵᠠᠢ ᠾᠧ ᠬᠠᠢ ᠳ᠋ᠦᠩ ᠴᠠᠩ ᠫᠧᠢ ᠵᠦᠩ ᠯᠢ ᠵᠢᠶᠦ᠋ᠩ ᠬᠤᠷᠠᠯ ᠳᠤ ᠣᠷᠣᠯᠴᠠᠵᠤ ᠼᠦᠢ ᠵᠧᠨ ᠦ᠋ ᠬᠤᠷᠠᠯ ᠢ ᠡᠷᠬᠢᠯᠡᠪᠡ
     1 ᠳ᠋ᠤᠭᠡᠷ ᠰᠠᠷ᠎ᠠ ᠶᠢᠨ 19 ᠤ ᠦᠳᠡ ᠶᠢᠨ ᠬᠤᠶᠢᠨ᠎ᠠ᠂ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠠᠮᠵᠢᠯᠲᠠ ᠲᠠᠢ ᠲᠡᠭᠦᠰᠪᠡ᠃ ᠣᠶᠢᠷ᠎ᠠ ᠶᠢᠨ ᠡᠳᠦᠷ ᠤᠳ ᠲᠤ᠂ ᠭᠡᠰᠢᠭᠦᠳ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠯ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠡᠬᠡ ᠤᠯᠤᠰ ᠤᠨ ᠤᠮᠠᠷᠠᠲᠤ ᠶᠢᠨ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠡᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠶᠡᠭᠡ ᠬᠤᠷᠠᠯ ᠤᠨ ᠲᠡᠭᠦᠰᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠼᠦᠢ ᠵᠧᠨ ᠦ᠋ ᠬᠤᠷᠠᠯ ᠢ ᠡᠷᠭᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠸ ᠵᠧᠨ ᠸᠧᠢ᠂ ᠰᠥᠩ ᠬᠤᠶ᠂ ᠯᠢ ᠰᠢᠶᠣᠣ ᠳ᠋ᠦᠩ᠂ ᠰᠦᠸᠧ ᠶᠢᠩ ᠵᠢᠶᠦ᠋ᠨ᠂ ᠯᠢ ᠸᠧᠨ ᠭᠧ᠂ ᠭᠤᠸ ᠷᠦᠢ ᠵᠢᠶᠦ᠋ᠨ᠂ ᠪᠠᠭᠠᠲᠤᠷ᠂ ᠯᠢᠦ ᠵᠢᠶᠠᠨ ᠭᠦᠸᠧ᠂ ᠦ᠋ ᠴᠧᠩ ᠢ᠂ ᠨᠠᠷᠢᠨ ᠪᠢᠴᠢᠭ ᠤᠨ ᠳᠠᠷᠤᠭ᠎ᠠ ᠸᠠᠩ ᠪᠢᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃      ᠬᠤᠲᠠ   ᠶᠢᠨ ᠤᠳᠤᠷᠢᠳᠤᠯᠭ᠎ᠠ ᠾᠧ ᠬᠠᠢ ᠳ᠋ᠦᠩ᠂ ᠴᠠᠩ ᠫᠧᠢ ᠵᠥᠩ᠂ ᠯᠢ ᠵᠢᠶᠦ᠋ᠩ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠲᠣᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠢ ᠭᠡᠰᠢᠭᠦᠨ 327 ᠬᠥᠮᠥᠨ᠂ ᠪᠣᠳᠠᠲᠠᠢ ᠣᠷᠣᠯᠴᠠᠬᠤ ᠭᠡᠰᠢᠭᠦᠨ 308 ᠬᠥᠮᠥᠨ ᠪᠠᠶᠢᠵᠤ᠂ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠦ ᠪᠠᠶᠢᠨ᠎ᠠ᠃      ᠶᠡᠭᠡ ᠬᠤᠷᠠᠯ ᠠᠴᠠ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠰᠢᠢᠳᠪᠦᠷᠢ᠂ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠤᠯᠤᠰ ᠲᠦᠷᠦ ᠶᠢᠨ ᠵᠥᠪᠯᠡᠯᠭᠡᠨ ᠤ ᠬᠥᠬᠡᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠤ ᠰᠢᠢᠳᠪᠦᠷᠢ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠤᠯᠤᠰ ᠲᠦᠷᠦ ᠶᠢᠨ ᠰᠢᠢᠳᠪᠦᠷᠢ ᠶᠢ ᠬᠢᠨᠠᠨ ᠶᠠᠷᠢᠯᠴᠠᠵᠤ ᠪᠠᠲᠤᠯᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1