ᠲᠣᠭᠲᠠᠬᠤ ᠰᠢᠶᠠᠨ᠄ ︽ᠮᠢᠩᠭᠠᠨ ᠳ᠋ᠦᠩᠰᠢᠭᠤᠷ ᠤᠨ ᠲᠠᠰ ᠤᠨ ᠬᠦᠷᠢᠶᠡᠯᠡᠩ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠲᠣᠭᠲᠠᠭᠠᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠤᠯᠭᠠᠪᠠ
ᠨᠡᠶᠢᠲᠡᠯᠡᠭᠰᠡᠨ ᠴᠠᠭ᠄
2024/1/22
       ︽ᠮᠢᠩᠭᠠᠨ ᠳ᠋ᠦᠩᠰᠢᠭᠤᠷ ᠤᠨ ᠲᠠᠰ ᠤᠨ ᠬᠦᠷᠢᠶᠡᠯᠡᠩ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠲᠣᠭᠲᠠᠭᠠᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠪᠡ ︱ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠢ ᠰᠤᠷᠪᠤᠯᠵᠢᠯᠠᠭᠰᠠᠨ ᠨᠢ      ︽ᠰᠢᠨ᠎ᠡ ᠨᠢᠭᠡ ᠵᠢᠯ ᠳᠤ᠂ ᠲᠣᠭᠲᠠᠬᠤ ᠰᠢᠶᠠᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠤᠳᠠ ᠶᠢᠨ ᠲᠥᠪ ᠤᠨ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠪᠦᠲᠦᠭᠡᠨ ᠪᠠᠶᠢᠭᠤᠯᠬᠤ ᠳᠤ ᠲᠣᠭᠲᠠᠬᠤ ᠬᠦᠴᠦᠨ ᠢᠶᠠᠨ ᠨᠡᠮᠡᠷᠢᠯᠡᠪᠡ︾᠃ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠭᠤᠤ ᠵᠧᠩ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠲᠣᠭᠲᠠᠬᠤ ᠰᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ︽ᠮᠢᠩᠭᠠᠨ ᠳ᠋ᠦᠩᠰᠢᠭᠤᠷ ᠤᠨ ᠲᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ ᠣᠷᠣᠨ ᠤ ᠡᠮᠦᠨ᠎ᠡ 20  ᠳᠤ ᠣᠷᠣᠭᠤᠯᠬᠤ︾ ᠬᠠᠷᠠᠯᠲᠠ ᠡᠭᠦᠷᠭᠡ ᠶᠢ ᠲᠣᠭᠲᠠᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠪᠡ ᠭᠡᠵᠦ ᠢᠯᠡᠳᠬᠡᠪᠡ᠃      ᠭᠤᠸ ᠵᠧᠩ ᠬᠡᠯᠡᠬᠦ ᠳᠡᠭᠡᠨ᠂ ᠲᠣᠭᠲᠠᠬᠤ ᠰᠢᠶᠠᠨ ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠬᠦ ᠪᠠ ᠢᠷᠡᠭᠡᠳᠦᠢ ᠶᠢᠨ ᠠᠵᠤ ᠦᠢᠯᠡᠰ ᠤᠨ ᠪᠠᠶᠢᠷᠢᠰᠢᠯ ᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠠᠢ᠃ ᠠᠮᠢᠳᠤ ᠪᠣᠳᠠᠰ ᠤᠨ ᠡᠮ ᠡᠮᠨᠡᠯᠭᠡ ᠶᠢᠨ ᠲᠠᠯ᠎ᠠ ᠪᠠᠷ᠂ ᠤᠯᠤᠰ ᠤᠨ ᠲᠠᠰ ᠤᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠪᠣᠬᠢᠷᠲᠤᠯ ᠦᠭᠡᠢ ᠦᠢᠯᠡᠳᠬᠦ ᠰᠠᠭᠤᠷᠢᠨ ᠭᠠᠵᠠᠷ ᠪᠠ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠴᠠᠩ ᠱᠧᠩ ᠡᠮ ᠤᠨ ᠦᠢᠯᠡᠳᠪᠦᠷᠢ ᠶᠢᠨ ᠲᠥᠷᠥᠯ ᠵᠦᠢᠯ᠂ ᠬᠤᠸᠠ ᠷᠦᠨ ᠱᠤᠸᠠᠩ ᠾᠧ ᠠᠮᠢᠳᠤ ᠪᠣᠳᠠᠰ ᠤᠨ ᠨᠡᠶᠢᠯᠡᠮᠡᠯ ᠲᠥᠷᠥᠯ ᠵᠦᠢᠯ᠂ ᠶᠢᠨ ᠳ᠋ᠠ ᠸᠧᠢ ᠶᠢᠨ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ᠂ ᠰᠢᠨ ᠬᠤᠩ ᠵᠢᠶᠠᠨ ᠤ ᠨᠡᠶᠢᠯᠡᠮᠡᠯ ᠠᠮᠢᠳᠤ ᠪᠣᠳᠠᠰ ᠵᠡᠷᠭᠡ ᠲᠥᠷᠥᠯ ᠵᠦᠢᠯ ᠢ ᠰᠢᠨ᠎ᠡ ᠪᠠᠷ ᠪᠠᠶᠢᠭᠤᠯᠪᠠ᠃ ᠠᠷᠢᠭᠤᠨ ᠴᠡᠪᠡᠷ ᠡᠨᠧᠷᠭᠢ ᠶᠢᠨ ᠲᠠᠯ᠎ᠠ ᠪᠠᠷ᠂ ᠤᠯᠤᠰ ᠤᠨ ᠳᠣᠲᠣᠭᠠᠳᠤ ᠶᠢᠨ ᠪᠣᠬᠢᠷᠲᠤᠯ ᠦᠭᠡᠢ ᠡᠨᠧᠷᠭᠢ ᠶᠢ ᠰᠢᠩᠭᠡᠬᠡᠨ ᠠᠪᠬᠤ ᠴᠢᠬᠤᠯᠠ ᠰᠠᠭᠤᠷᠢᠨ ᠭᠠᠵᠠᠷ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠠᠭᠠᠷᠮᠠᠭᠵᠢᠭᠤᠯᠬᠤ ᠪᠠ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠵᠤ᠂ ᠬᠥᠬᠡᠬᠤᠲᠠ ᠶᠢᠨ ᠬᠥᠩᠭᠡᠨ ᠴᠠᠭᠠᠨ ᠤ ᠴᠠᠬᠢᠯᠭᠠᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠣᠷᠣᠯᠠᠭᠤᠯᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠣᠲᠣ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠭᠡᠢ ᠪᠣᠬᠢᠷᠲᠤᠯ ᠦᠭᠡᠢ ᠲᠡᠭᠡᠭᠡᠪᠦᠷᠢ ᠶᠢᠨ ᠲᠥᠷᠥᠯ ᠵᠦᠢᠯ᠂ ᠯᠥᠩ ᠵᠢᠢ ᠡᠨᠧᠷᠭᠢ ᠶᠢᠨ ᠪᠣᠬᠢᠷᠲᠤᠯ ᠦᠭᠡᠢ ᠮᠧᠲ᠋ᠢᠯ ᠠᠯᠺᠣᠣᠯ ᠵᠡᠷᠭᠡ ᠲᠥᠷᠥᠯ ᠵᠦᠢᠯ ᠢ ᠰᠢᠨ᠎ᠡ ᠪᠠᠷ ᠪᠠᠶᠢᠭᠤᠯᠪᠠ᠃ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠲᠣᠮᠣ ᠡᠯᠧᠺᠲᠷᠣᠨ ᠣᠨᠴᠠ ᠲᠥᠷᠥᠯ ᠤᠨ ᠬᠡᠢ ᠪᠡᠶᠡᠲᠦ ᠶᠢᠨ ᠠᠵᠤ ᠦᠢᠯᠡᠰ ᠤᠨ ᠲᠥᠪᠯᠡᠷᠡᠯ ᠤᠨ ᠣᠷᠣᠨ ᠪᠠ ᠨᠡᠭᠦᠷᠡᠰᠦ ᠪᠠᠷ ᠰᠠᠭᠤᠷᠢ ᠪᠣᠯᠭᠠᠭᠰᠠᠨ ᠴᠢᠬᠤᠯᠠ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠳᠤᠮᠳᠠᠳᠤ ᠤᠯᠤᠰ ᠤᠨ ᠣᠩᠭᠤᠴᠠᠨ ᠤ ᠣᠨᠴᠠ ᠬᠡᠢ ᠪᠡᠶᠡᠲᠦ ᠶᠢᠨ ᠵᠢᠯ ᠳᠤ 2.5 ᠲᠦᠮᠡᠨ ᠲᠣᠨ ᠥᠨᠳᠥᠷ ᠴᠡᠪᠡᠷ ᠡᠯᠧᠺᠲᠷᠣᠨ ᠬᠡᠢ ᠪᠡᠶᠡᠲᠦ ᠶᠢᠨ ᠲᠥᠷᠥᠯ ᠵᠦᠢᠯ᠂ ᠵᠢᠦ ᠲᠠᠢ ᠶᠢᠨ ᠤᠷᠲᠤᠳᠬᠠᠯ ᠤᠨ ᠬᠡᠯᠬᠢᠶᠡᠨ ᠤ ᠨᠥᠬᠦᠪᠦᠷᠢᠯᠡᠬᠦ ᠬᠡᠯᠬᠢᠶᠡᠨ ᠤ ᠨᠢᠭᠡ ᠴᠣᠭᠴᠠᠵᠢᠯᠲᠠ ᠵᠡᠷᠭᠡ ᠲᠥᠷᠥᠯ ᠵᠦᠢᠯ ᠢ ᠰᠢᠨ᠎ᠡ ᠪᠠᠷ ᠪᠠᠶᠢᠭᠤᠯᠪᠠ᠃      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠭᠤᠶᠢᠪᠢᠰᠢ ᠦᠭᠡᠢ ᠰᠠᠶᠢᠲᠤᠷ ᠠᠳᠬᠤᠪᠠ᠃ ᠲᠦᠷᠦᠯ ᠵᠦᠢᠯ ᠢ ᠶᠡᠬᠡᠪᠡᠷ ᠠᠳᠬᠤᠬᠤ᠂ ᠲᠣᠮᠣ ᠲᠦᠷᠦᠯ ᠵᠦᠢᠯ ᠢ ᠠᠳᠬᠤᠬᠤ ᠶᠢ ᠪᠠᠷᠢᠮᠲᠠᠯᠠᠵᠤ᠂ ᠪᠦᠬᠦ ᠵᠢᠯ ᠳᠤ 90 ᠠᠴᠠ ᠳᠡᠭᠡᠭᠰᠢᠬᠢ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ 85 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠪᠡ᠃ ︽ᠵᠢᠷᠭᠤᠭ᠎ᠠ ᠶᠢ ᠪᠠᠭᠤᠷᠠᠭᠤᠯᠵᠤ ᠨᠢᠭᠡ ᠶᠢ ᠨᠦᠬᠦᠪᠦᠷᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ︾ ︽ᠲᠤᠶᠢᠯ ᠤᠨ ᠲᠥᠬᠦᠮ ᠢᠶᠠᠷ ᠬᠢᠨᠠᠨ ᠵᠥᠪᠰᠢᠶᠡᠷᠡᠬᠦ︾ ᠵᠡᠷᠭᠡ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠬᠦᠴᠦᠨ ᠵᠦᠢᠯ ᠤᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠪᠠ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠲᠠᠯᠠᠪᠤᠷ ᠲᠤ ᠬᠤᠳᠠᠯᠳᠤᠭᠠᠴᠢᠨ ᠤᠷᠢᠬᠤ᠂ ᠰᠠᠯᠪᠤᠷᠢ ᠪᠠᠭ᠎ᠠ ᠠᠩᠭᠢ ᠶᠢᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠵᠢᠯ ᠤᠨ ᠳᠣᠲᠣᠷ᠎ᠠ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠢ 40   ᠠᠴᠠ ᠳᠡᠭᠡᠭᠰᠢ ᠤᠷᠤᠭᠤᠯᠪᠠ᠃ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠰᠢᠯᠤᠭᠤᠳᠬᠠᠵᠤ᠂ ︽ᠬᠠᠮᠢᠶᠠᠷᠤᠯᠲᠠ ᠶᠢᠨ ᠵᠥᠪᠯᠡᠯ + ᠺᠣᠮᠫᠠᠨᠢ︾ ᠶᠢᠨ ᠠᠵᠢᠯᠯᠠᠭᠠᠨ ᠤ ᠵᠠᠭᠪᠤᠷ ᠢ ᠬᠡᠷᠡᠭᠵᠢᠭᠦᠯᠵᠦ᠂ ᠬᠠᠮᠢᠶᠠᠷᠤᠯᠲᠠ ᠶᠢᠨ ᠦᠢᠯᠡᠴᠢᠯᠡᠭᠡᠨ ᠤ ᠬᠦᠴᠦᠨ ᠴᠢᠳᠠᠪᠤᠷᠢ ᠶᠢ  ᠲᠠᠭᠡᠭᠰᠢᠯᠡᠭᠦᠯᠪᠡ᠃      ᠲᠠᠷᠢᠶᠠᠯᠠᠩ ᠤᠨ ᠰᠠᠭᠤᠷᠢ ᠶᠢ ᠡᠷᠡᠰ ᠭᠤᠶᠢᠪᠢᠰᠢ ᠦᠭᠡᠢ ᠪᠠᠷ ᠪᠠᠬᠢᠵᠢᠭᠦᠯᠪᠡ᠃ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠤᠵᠢᠷᠰᠢᠭᠰᠠᠨ ᠲᠠᠷᠢᠶᠠᠨ ᠭᠠᠵᠠᠷ ᠤᠨ ᠰᠠᠶᠢᠵᠢᠷᠠᠭᠤᠯᠤᠯᠲᠠ ᠶᠢ ᠲᠦᠯᠬᠢᠨ ᠠᠬᠢᠭᠤᠯᠵᠤ᠂ ᠲᠠᠷᠢᠶᠠᠨ ᠭᠠᠵᠠᠷ ᠤᠨ ᠨᠥᠭᠡᠴᠡ ᠶᠢᠨ ᠬᠥᠮᠥᠷᠭᠡ ᠶᠢ 1.5 ᠲᠦᠮᠡᠨ ᠮᠦ ᠨᠥᠬᠦᠪᠦᠷᠢᠯᠡᠪᠡ᠃ ᠰᠦᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠢᠯᠢ ᠶᠢᠨ 18 ᠲᠦᠮᠡᠨ ᠰᠠᠭᠠᠯᠢ ᠶᠢᠨ ᠦᠨᠢᠶ᠎ᠡ ᠶᠢᠨ ᠪᠣᠬᠢᠷᠲᠤᠯ ᠦᠭᠡᠢ ᠣᠶᠤᠨᠴᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠲᠣ ᠦᠶ᠎ᠡ ᠶᠢᠨ ᠡᠪᠡᠰᠦᠨ ᠤ ᠦᠢᠯᠡᠰ ᠤᠨ 5.3 ᠲᠦᠮᠡᠨ ᠮᠦ ᠡᠪᠡᠰᠦ ᠪᠡᠯᠴᠢᠭᠡᠷ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ  ᠲᠦᠷᠭᠡᠳᠭᠡᠪᠡ᠃ ᠣᠨᠴᠠᠯᠢᠭᠲᠤ ᠳᠠᠷᠢᠵᠤ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠪᠠ᠃      ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠡᠷᠡᠰ ᠭᠤᠶᠢᠪᠢᠰᠢ ᠦᠭᠡᠢ ᠪᠦᠲᠦᠭᠡᠨ ᠪᠠᠶᠢᠭᠤᠯᠪᠠ᠃ ᠬᠠᠲᠤᠨ ᠭᠤᠣᠯ ᠤᠨ ᠰᠣᠶᠣᠯ᠂  ᠶᠦᠨ ᠵᠦᠩ ᠰᠣᠶᠣᠯ᠂ ᠬᠤᠪᠢᠰᠬᠠᠯ ᠤᠨ ᠰᠣᠶᠣᠯ ᠢ ᠭᠦᠨᠵᠡᠭᠡᠢ ᠠᠭᠤᠳᠠᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢ ᠪᠣᠶ  ᠪᠤᠯᠭᠠᠪᠠ᠃ ᠬᠠᠲᠤᠨ ᠭᠤᠣᠯ ᠳᠠᠭᠠᠤ ᠶᠢᠨ ᠥᠪᠡᠷᠮᠢᠴᠡ ᠣᠨᠴᠠᠯᠢᠭ ᠪᠦᠬᠦᠢ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠤᠩ ᠳ᠋ᠧ ᠳᠡᠭᠡᠳᠦ ᠰᠤᠷᠭᠠᠭᠤᠯᠢ ᠶᠢᠨ ᠪᠢᠴᠢᠭ ᠤᠨ ᠬᠦᠷᠢᠶᠡᠯᠡᠩ᠂ ᠵᠢᠶᠦ᠋ᠨ ᠽᠢ  ᠰᠤᠳᠤᠯᠭᠠᠨ ᠤ ᠰᠠᠭᠤᠷᠢᠨ ᠭᠠᠵᠠᠷ᠂ ᠱᠧᠨ ᠴᠢᠤᠸᠠᠨ ᠦᠵᠡᠮᠵᠢ ᠶᠢᠨ ᠣᠷᠣᠨ ᠤ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠾᠧ ᠺᠸᠦ ᠵᠢᠭᠤᠯᠴᠢᠯᠠᠯ ᠠᠮᠠᠷᠠᠯᠲᠠ ᠶᠢᠨ ᠣᠷᠣᠨ ᠢ ᠪᠠᠶᠢᠭᠤᠯᠪᠠ᠃      ᠠᠮᠢ ᠠᠬᠤᠢ ᠶᠢᠨ ᠬᠠᠮᠠᠭᠠᠯᠠᠯᠲᠠ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠰᠠᠶᠢᠲᠤᠷ  ᠠᠳᠬᠤᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠨᠢᠭᠡ ᠪᠦᠯᠦᠭ ᠵᠦᠢᠯᠡᠰ ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠡᠬᠢ ᠪᠠᠶᠠᠯᠢᠭ ᠢ ᠨᠡᠭᠡᠭᠡᠨ ᠠᠰᠢᠭᠯᠠᠵᠤ᠂ ᠡᠬᠢ ᠪᠠᠶᠠᠯᠢᠭ ᠢ ᠠᠷᠪᠢᠲᠠᠢ ᠡᠷᠴᠢᠮᠯᠢᠭ ᠡᠷᠭᠢᠯᠲᠡᠲᠦ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠴᠢᠩᠭᠠᠳᠬᠠᠵᠤ᠂ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠭᠦᠯᠪᠡ᠃      ᠠᠷᠠᠳ ᠤᠨ ᠠᠮᠢᠳᠤᠷᠠᠯ ᠢ ᠡᠷᠡᠰ ᠭᠤᠶᠢᠪᠢᠰᠢ ᠦᠭᠡᠢ ᠪᠠᠷ ᠪᠠᠲᠤᠯᠠᠨ  ᠰᠠᠶᠢᠵᠢᠷᠠᠭᠤᠯᠪᠠ᠃ ︽ᠲᠤᠯᠠᠭᠠᠯᠭ᠎ᠠ ᠶᠢᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠢᠯᠴᠢ ᠬᠠᠩᠭᠠᠬᠤ ᠬᠠᠭᠤᠴᠢᠷᠠᠭᠰᠠᠨ ᠬᠤᠭᠤᠯᠠᠢ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ᠂ ᠢᠯᠴᠢ ᠶᠢᠨ ᠬᠦᠴᠦᠨ ᠤ ᠠᠵᠤ ᠠᠬᠤᠶᠢᠯᠠᠯ ᠢ ᠶᠡᠭᠡ ᠪᠠᠷ ᠡᠮᠬᠢᠯᠡᠨ ᠨᠡᠶᠢᠯᠡᠭᠦᠯᠬᠦ ᠶᠢ ᠲᠦᠯᠬᠢᠨ ᠠᠬᠢᠭᠤᠯᠪᠠ᠃ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠰᠠᠶᠢᠲᠤᠷ  ᠪᠠᠳᠤᠯᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1