ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ︽ᠬᠠᠤᠯᠢ ᠪᠠᠷ ᠵᠠᠰᠠᠬᠤ ᠠᠮᠤᠷ ᠲᠦᠪᠰᠢᠨ ᠤ ᠬᠥᠮᠦᠵᠢᠯ ᠬᠢᠵᠦ᠂ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠤᠨ ᠬᠡᠦᠬᠡᠳ ᠤᠨ ᠰᠡᠳᠬᠢᠯ ᠢ ᠬᠠᠮᠠᠭᠠᠯᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/22
      ᠪᠠᠭᠠᠴᠤᠳ ᠬᠡᠦᠬᠡᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ  ᠴᠢᠩᠭᠠᠳᠬᠠᠵᠦ᠂ ᠠᠮᠤᠷ ᠲᠦᠪᠰᠢᠨ ᠤ ᠠᠳᠡᠯ ᠭᠠᠷᠬᠤ ᠶᠢ ᠪᠠᠭᠠᠰᠬᠠᠬᠤ ᠪᠠ ᠰᠡᠷᠭᠡᠶᠢᠯᠡᠵᠦ᠂ ᠰᠤᠷᠤᠭᠴᠢᠳ ᠢ ᠡᠷᠡᠭᠦᠯ ᠴᠢᠭᠢᠷᠠᠭ᠂ ᠠᠮᠤᠷ ᠲᠦᠪᠰᠢᠨ᠂ ᠬᠠᠯᠠᠭᠤᠨ ᠳᠤᠯᠠᠭᠠᠨ᠂ ᠠᠮᠤᠷ ᠠᠮᠤᠭᠤᠯᠠᠩ᠂ ᠪᠠᠶᠠᠷ ᠬᠥᠷ ᠲᠠᠢ ᠡᠪᠦᠯ ᠤᠨ ᠠᠮᠠᠷᠠᠯᠲᠠ ᠶᠢ ᠦᠩᠭᠡᠷᠡᠭᠦᠯᠬᠦ ᠶᠢᠨ ᠲᠦᠯᠦᠭᠡ᠂ ᠣᠶᠢᠷ᠎ᠠ ᠳᠤ᠂ ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠸᠠᠨ ᠰᠢᠩ ᠱᠧᠨ ᠮᠦᠸᠧ ᠰᠤᠷᠭᠠᠨ ᠬᠥᠮᠦᠵᠢᠯ ᠡᠮᠡᠭᠲᠡᠶᠢᠴᠦᠳ ᠤᠨ ᠬᠤᠯᠪᠣᠭ᠎ᠠ ᠲᠠᠢ ᠬᠤᠯᠪᠤᠭᠠᠯᠠᠨ ᠰᠢᠶᠠᠩ ᠾᠧ ᠨᠡᠶᠢᠭᠡᠮ ᠲᠣᠭᠤᠷᠢᠭ ᠤᠨ ᠭᠡᠷ ᠤᠨ ᠠᠬᠠᠮᠠᠳ ᠤᠨ ᠰᠤᠷᠭᠠᠭᠤᠯᠢ ᠳᠤ ︽ᠬᠠᠤᠯᠢ ᠪᠠᠷ ᠵᠠᠰᠠᠬᠤ ᠠᠮᠤᠷ ᠲᠦᠪᠰᠢᠨ ᠤ ᠬᠥᠮᠦᠵᠢᠯ ᠬᠢᠵᠦ᠂ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠤᠨ ᠬᠡᠦᠬᠡᠳ ᠤᠨ ᠰᠡᠳᠬᠢᠯ ᠢ ᠬᠠᠮᠠᠭᠠᠯᠠᠶ᠎ᠠ︾ ᠠᠮᠤᠷ ᠲᠦᠪᠰᠢᠨ ᠤ ᠮᠡᠳᠡᠯᠭᠡ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠡᠮᠡᠭᠲᠡᠢ ᠰᠠᠶᠢᠨ ᠳᠤᠷ᠎ᠠ ᠶᠢᠨ ᠠᠵᠢᠯᠯᠠᠭᠴᠢᠳ ᠡᠪᠦᠯ ᠤᠨ ᠠᠮᠠᠷᠠᠯᠲᠠ ᠳᠤ ᠠᠮᠠᠷᠬᠠᠨ ᠡᠭᠦᠰᠳᠡᠭ ᠬᠤᠸᠠᠷ ᠫᠤᠤᠵᠢᠩ᠂ ᠮᠥᠰᠥ ᠲᠡᠰᠢᠵᠦ ᠴᠠᠰᠤᠨ ᠳᠤ ᠭᠤᠯᠭᠤᠬᠤ᠂ ᠬᠥᠯᠳᠡᠵᠦ ᠰᠢᠷᠬᠠᠲᠤᠬᠤ᠂ ᠵᠠᠮ ᠬᠠᠷᠢᠯᠴᠠᠭᠠᠨ ᠤ ᠠᠳᠡᠯ᠂ ᠭᠠᠯ ᠤᠨ ᠠᠶᠤᠯ᠂ ᠰᠢᠲᠠᠭᠰᠠᠨ ᠰᠢᠷᠬ᠎ᠠ ᠵᠡᠷᠭᠡ ᠰᠠᠨᠠᠭᠠᠨ ᠳᠤ ᠦᠭᠡᠢ ᠠᠶᠤᠯ ᠲᠦᠭᠰᠢᠭᠦᠷᠢ ᠵᠢᠴᠢ ᠮᠡᠬᠡᠯᠡᠯ ᠢ ᠰᠡᠷᠭᠡᠶᠢᠯᠡᠬᠦ᠂ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ᠂ ᠮᠡᠬᠡᠯᠡᠨ ᠬᠤᠳᠠᠯᠳᠤᠬᠤ ᠶᠢ ᠰᠡᠷᠭᠡᠶᠢᠯᠡᠬᠦ᠂ ᠳᠣᠷᠣᠮᠵᠢᠯᠠᠬᠤ ᠶᠢ ᠰᠡᠷᠭᠡᠶᠢᠯᠡᠬᠦ ᠵᠡᠷᠭᠡ ᠠᠭᠤᠯᠭ᠎ᠠ ᠳᠤ ᠴᠢᠭᠯᠡᠭᠦᠯᠦᠨ ᠰᠤᠷᠤᠭᠴᠢᠳ ᠲᠤ ᠤᠬᠠᠭᠤᠯᠪᠠ᠃          ᠲᠣᠰ ᠤᠳᠠᠭᠠᠨ ᠤ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠨᠢ ᠰᠤᠷᠤᠭᠴᠢᠳ ᠤᠨ ᠡᠪᠦᠯ ᠤᠨ ᠤᠯᠠᠷᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ︽ᠠᠮᠤᠷ ᠲᠦᠪᠰᠢᠨ ᠤ ᠰᠡᠷᠭᠡᠶᠢᠯᠡᠯᠲᠡ︾ ᠶᠢ ᠴᠠᠭ ᠢᠮᠠᠭᠲᠠ ᠪᠠᠲᠤ ᠴᠡᠭᠡᠵᠢᠯᠡᠭᠰᠡᠨ ᠪᠠᠶᠢᠨ᠎ᠠ᠃ ᠠᠮᠤᠷ ᠲᠦᠪᠰᠢᠨ ᠪᠣᠯ ᠴᠠᠭ ᠢᠮᠠᠭᠲᠠ ᠰᠡᠷᠡᠮᠵᠢᠯᠡᠬᠦ ᠠᠴᠠ ᠢᠷᠡᠳᠡᠭ᠂ ᠠᠳᠡᠯ ᠪᠣᠯ ᠭᠱᠠᠨ ᠵᠠᠭᠤᠷ᠎ᠠ ᠶᠢᠨ ᠮᠢᠨᠴᠦᠭᠦᠷᠡᠯ ᠠᠴᠠ ᠢᠷᠡᠳᠡᠭ᠂ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠠᠴᠠ ᠬᠤᠯᠪᠣᠭᠳᠠᠯ ᠪᠦᠬᠦᠢ ᠠᠵᠢᠯᠯᠠᠭ᠎ᠠ ᠶᠢ ᠲᠠᠰᠤᠷᠠᠯᠲᠠ ᠦᠭᠡᠢ ᠥᠷᠨᠢᠭᠦᠯᠵᠦ᠂ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠰᠡᠷᠭᠡᠶᠢᠯᠡᠬᠦ ᠴᠢᠳᠠᠪᠤᠷᠢ ᠶᠢ ᠲᠡᠭᠡᠭᠰᠢᠯᠡᠭᠦᠯᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1